2014 ᠣᠨ ᠠᠴᠠ ᠨᠠᠰᠢ᠂ ᠠᠶᠢᠮᠠᠭ᠂ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠣᠪᠴᠢᠶ᠎ᠠ ᠪᠣᠯᠤᠨ ᠤᠰᠤᠨ ᠤ ᠶᠠᠪᠤᠳᠠᠯ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠤᠯᠤᠰ ᠤᠨ | ᠭᠠᠵᠠᠷ ᠰᠢᠷᠤᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠯᠠᠱᠠ ᠵᠡᠭᠦᠨ ᠬᠤᠰᠢᠭᠤᠨ ᠤ ᠵᠢᠷᠭᠠᠯᠰᠠᠶᠢᠬᠠᠨ | ᠪᠠᠯᠭᠠᠰᠤ ᠶᠢᠨ ᠬᠤᠶᠠᠳᠤᠭᠠᠷ ᠤᠰᠤᠨ ᠰᠤᠷᠪᠤᠯᠵᠢ ᠶᠢᠨ ᠭᠠᠵᠠᠷ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ | ᠪᠠᠯᠭᠠᠰᠤ ᠶᠢᠨ ᠤᠯᠠᠭᠠᠨ ᠴᠢᠯᠠᠭᠤᠲᠤ ᠭᠠᠴᠠᠭ᠎ᠠ ᠶᠢᠨ ᠤᠰᠤᠨ ᠰᠤᠷᠪᠤᠯᠵᠢ ᠶᠢᠨ ᠭᠠᠵᠠᠷ ᠵᠢᠴᠢ ᠠᠯᠠᠱᠠ ᠵᠡᠭᠦᠨ | ᠬᠤᠰᠢᠭᠤᠨ ᠤ ᠦᠯᠵᠠᠢ ᠰᠤᠮᠤ ᠶᠢᠨ ᠱᠠᠷᠽᠠ ᠭᠠᠴᠠᠭ᠎ᠠ ᠶᠢᠨ ᠤᠰᠤᠨ ᠰᠤᠷᠪᠤᠯᠵᠢ ᠵᠡᠷᠭᠡ 3 ᠤᠰᠤᠨ ᠰᠤᠷᠪᠤᠯᠵᠢ | ᠶᠢᠨ ᠭᠠᠵᠠᠷ ᠤᠨ ᠰᠠᠭᠤᠷᠢ ᠮᠠᠲ᠋ᠧᠷᠢᠶᠠᠯ ᠢ ᠴᠤᠭᠯᠠᠭᠤᠯᠵᠤ᠂ ᠪᠣᠳᠠᠲᠠᠶ ᠪᠠᠶᠢᠴᠠᠭᠠᠨ ᠰᠤᠳᠤᠯᠤᠯᠲᠠ ᠬᠢᠭᠰᠡᠨ ᠪᠠ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠪᠠ᠃ ᠣᠶᠢᠷ᠎ᠠ ᠳᠤ᠂ ︽ᠠᠯᠠᠱᠠ ᠠᠶᠢᠮᠠᠭ ᠤᠨ | ᠭᠠᠴᠠᠭ᠎ᠠ ᠲᠣᠰᠬᠤᠨ ᠪᠣᠯᠤᠨ ᠰᠢᠨ᠎ᠡ ᠪᠠᠷ ᠨᠡᠮᠡᠭᠰᠡᠨ ᠲᠥᠪᠯᠡᠷᠡᠭᠰᠡᠨ ᠮᠠᠶ᠋ᠢᠭ ᠤᠨ ᠤᠤᠭᠤᠬᠤ ᠣᠰᠣᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠬᠤᠪᠢᠶᠠᠷᠢᠯᠠᠬᠤ ᠲᠥᠰᠦᠯ︾ ᠢ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠬᠢᠨᠠᠨ | ᠲᠣᠭᠲᠠᠭᠠᠭᠠᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠴᠣᠬᠤᠯᠠᠪᠤᠷᠢᠯᠠᠵᠠᠢ᠃ | ᠲᠥᠪᠯᠡᠷᠡᠭᠰᠡᠨ ᠮᠠᠶ᠋ᠢᠭ ᠤᠨ ᠤᠤᠭᠤᠬᠤ ᠣᠰᠣᠨ ᠤ ᠰᠤᠷᠪᠤᠯᠵᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ | ᠦᠨᠡᠨ ᠬᠦ ᠴᠢᠩᠭᠠᠳᠬᠠᠬᠤ ᠶᠢᠨ ᠲᠤᠰᠠᠳᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠠᠴᠠ | ᠦᠷᠭᠦᠯᠵᠢᠯᠡᠨ ᠤᠰᠤᠨ ᠰᠤᠷᠪᠤᠯᠵᠢ ᠶᠢᠨ ᠭᠠᠵᠠᠷ ᠤᠨ ᠨᠢᠭᠡ᠂ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠤ | ᠳᠣᠲᠣᠷᠠᠬᠢ ᠬᠠᠤᠯᠢ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ ᠪᠤᠶᠤ ᠬᠠᠭᠠᠬᠤ ᠠᠵᠢᠯ ᠢ ᠥᠷᠨᠢᠭᠦᠯᠵᠦ᠂ | ᠬᠠᠮᠠᠭᠠᠯᠠᠯᠲᠠ ᠶᠢᠨ ᠣᠷᠣᠨ ᠤ ᠳᠣᠲᠣᠷᠠᠬᠢ ᠲᠠᠷᠢᠶᠠᠨ ᠭᠠᠵᠠᠷ ᠤᠨ ᠲᠠᠷᠢᠶᠠᠨ ᠡᠮ ᠪᠠ ᠬᠢᠮᠢ ᠶᠢᠨ ᠪᠤᠷᠳᠤᠭᠤᠷ | ᠬᠡᠷᠡᠭᠯᠡᠬᠦ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠪᠣᠯᠣᠨ᠎ᠠ᠃ ᠬᠠᠮᠠᠭᠠᠯᠠᠯᠲᠠ ᠶᠢᠨ ᠣᠷᠣᠨ ᠤ ᠰᠠᠭᠤᠷᠢ | ᠲᠥᠬᠦᠭᠡᠷᠦᠮᠵᠢ ᠶᠢᠨ ᠪᠦᠳᠦᠭᠡᠠ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠬᠢᠷᠢ ᠲᠡᠩᠴᠡᠭᠰᠡᠨ ᠭᠠᠵᠠᠷ | ᠵᠦᠢ ᠶᠢᠨ ᠵᠠᠭᠠᠭᠯᠠᠭᠰᠠᠨ ᠲᠡᠮᠳᠡᠭ ᠪᠣᠯᠤᠨ ᠰᠡᠷᠡᠮᠵᠢ ᠶᠢᠨ ᠲᠡᠮᠳᠡᠭ ᠪᠣᠰᠬᠠᠵᠤ᠂ ᠠᠶᠤᠯ ᠲᠦᠭᠰᠢᠭᠦᠷᠢ ᠶᠢᠨ | ᠰᠡᠷᠭᠡᠶᠢᠯᠡᠯᠲᠡ ᠶᠢ ᠴᠢᠩᠭᠠᠳᠬᠠᠵᠤ᠂ ᠤᠰᠤᠨ ᠰᠤᠷᠪᠤᠯᠵᠢ ᠶᠢᠨ ᠲᠣᠭᠤᠷᠢᠨ ᠳᠠᠬᠢ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠤᠰᠤᠨ ᠰᠤᠷᠪᠤᠯᠵᠢ ᠶᠢᠨ | ᠣᠷᠣᠨ ᠤ ᠤᠰᠤᠨ ᠤ ᠴᠢᠨᠠᠷ ᠢ ᠬᠢᠨᠠᠨ ᠬᠡᠮᠵᠢᠬᠦ ᠶᠢ ᠲᠠᠰᠤᠷᠠᠯᠲᠠ ᠦᠭᠡᠢ ᠥᠷᠨᠢᠭᠦᠯᠵᠦ᠂ ᠠᠷᠠᠳ ᠤᠯᠠᠨ ᠤ | ᠤᠤᠭᠤᠬᠤ ᠤᠰᠤᠨ ᠤ ᠠᠶᠤᠯ ᠦᠬᠡᠢ ᠶᠢ ᠪᠠᠲᠤᠯᠠᠬᠤ ᠪᠣᠯᠣᠨ᠎ᠠ᠃ |