ᠬᠥᠯᠥᠨ ᠪᠤᠶᠢᠷ ᠬᠤᠳᠠ ︽ᠬᠥᠯᠥᠨ ᠪᠤᠶᠢᠷ ᠬᠤᠲᠠ ᠶᠢᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯᠯᠠᠭ᠎ᠠ ᠶᠢᠨ ᠲᠥᠯᠥᠪᠯᠡᠭᠡ ᠶᠢᠨ ᠠᠵᠢᠯ ᠤᠨ ᠲᠥᠰᠦᠯ︾ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠ ᠤᠤᠭᠤᠬᠤ ᠤᠰᠤᠨ ᠤ | ᠡᠬᠢ ᠰᠤᠷᠪᠤᠯᠵᠢ ᠶᠢᠨ ᠬᠠᠮᠠᠭᠠᠯᠠᠯᠲᠠ ᠪᠠᠷ ᠭᠤᠣᠯᠳᠠᠯᠭ᠎ᠠ ᠪᠣᠯᠭᠠᠨ᠂ ᠲᠥᠯᠥᠪᠵᠢᠭᠦᠯᠭᠡ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠣᠰᠣᠨ ᠤ ᠴᠢᠨᠠᠷ ᠢ ᠬᠢᠨᠠᠨ ᠬᠡᠮᠵᠢᠬᠦ ᠪᠠ ᠬᠢᠨᠠᠯᠲᠠ | ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠤᠰᠤᠨ ᠤ ᠣᠷᠴᠢᠨ ᠲᠤᠭᠤᠷᠢᠨ ᠤ ᠠᠮᠤᠷ ᠲᠦᠪᠰᠢᠨ ᠢ | ᠦᠨᠡᠨ ᠬᠦ ᠪᠠᠲᠤᠯᠠᠵᠤ ᠪᠣᠢ᠃ | 2015 ᠣᠨ ᠳᠤ᠂ ᠬᠥᠯᠥᠨ ᠪᠤᠶᠢᠷ ᠬᠤᠳᠠ ᠶᠢᠨ 34 ᠭᠤᠣᠯᠳᠠᠯᠭ᠎ᠠ ᠲᠠᠢ ᠭᠠᠵᠠᠷ ᠳᠡᠭᠡᠷᠡᠬᠢ ᠬᠢᠨᠠᠨ | ᠬᠡᠮᠵᠢᠬᠦ ᠣᠭᠲᠣᠯᠤᠭᠠᠰᠤ ᠳᠤ᠂ ᠭᠤᠷᠪᠠᠳᠤᠭᠠᠷ ᠲᠥᠷᠥᠯ ᠤᠨ ᠤᠰᠤᠨ ᠤ ᠴᠢᠨᠠᠷ ᠠᠴᠠ ᠳᠡᠭᠡᠭᠰᠢᠬᠢ ᠣᠭᠲᠣᠯᠤᠭᠠᠰᠤ | 52.9% ᠪᠠᠶᠢᠵᠤ᠂ ᠪᠦᠬᠦᠯᠢ ᠴᠣᠭᠴᠠ ᠶᠢᠨ ᠪᠠᠶᠢᠳᠠᠯ 2014 ᠣᠨ ᠤ ᠬᠢ ᠠᠴᠠ ᠰᠠᠶᠢᠵᠢᠷᠠᠭᠰᠠᠨ ᠪᠠᠶᠢᠨ᠎ᠠ᠃ | ᠤᠤᠭᠤᠬᠤ ᠤᠰᠤᠨ ᠤ ᠡᠬᠢ ᠰᠤᠷᠪᠤᠯᠵᠢ ᠶᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ 11 ᠬᠤᠲᠠ | ᠪᠠᠯᠭᠠᠰᠤ ᠂ 56 ᠭᠠᠵᠠᠷ ᠤᠨ ᠰᠢᠶᠠᠩ ᠪᠠᠯᠭᠠᠰᠤ᠂ 3 ᠬᠥᠳᠡᠭᠡ ᠲᠣᠰᠬᠤᠨ ᠤ ᠤᠤᠭᠤᠬᠤ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠲᠥᠪᠯᠡᠷᠡᠩᠭᠦᠶ ᠣᠷᠣᠨ ᠢ ᠵᠠᠭᠠᠭᠯᠠᠨ ᠲᠣᠭᠲᠠᠭᠠᠪᠠ᠃ ᠬᠥᠯᠥᠨ ᠨᠠᠭᠤᠷ ᠤᠨ | ᠤᠰᠤᠨ ᠤ ᠴᠢᠨᠠᠷ ᠢ ᠬᠢᠨᠠᠨ ᠬᠡᠮᠵᠢᠬᠦ ᠡᠷᠴᠢᠮ ᠢ ᠨᠡᠮᠡᠭᠳᠡᠭᠦᠯᠵᠦ᠂ ᠨᠠᠭᠤᠷ ᠤᠨ ᠬᠢᠨᠠᠨ ᠰᠢᠯᠭᠠᠬᠤ ᠴᠡᠭ ᠤᠨ ᠪᠠᠶᠢᠷᠢ 2 | ᠪᠠᠶᠢᠭᠰᠠᠨ ᠠᠴᠠ ᠪᠠᠨ 6 ᠪᠣᠯᠣᠨ ᠨᠡᠮᠡᠭᠳᠡᠵᠦ᠂ ᠨᠠᠭᠤᠷ ᠲᠤ ᠴᠢᠳᠬᠤᠬᠤ ᠤᠷᠤᠰᠬᠠᠯ ᠤᠨ ᠬᠢᠨᠠᠨ ᠰᠢᠯᠭᠠᠬᠤ ᠴᠡᠭ ᠤᠨ | ᠪᠠᠶᠢᠷᠢ 2 ᠪᠠᠶᠢᠭᠰᠠᠨ ᠠᠴᠠ ᠪᠠᠨ 4 ᠪᠣᠯᠣᠨ ᠨᠡᠮᠡᠭᠳᠡᠵᠦ᠂ ᠬᠠᠭᠠᠰ ᠵᠢᠯ ᠪᠦᠷᠢ ᠨᠢᠭᠡ ᠤᠳᠠᠭ᠎ᠠ ᠤᠰᠤᠨ ᠤ ᠴᠢᠨᠠᠷ ᠤᠨ | ᠪᠦᠷᠢᠨ ᠵᠠᠳᠠᠯᠤᠯᠲᠠ ᠬᠢᠵᠦ ᠪᠣᠢ᠃ ᠪᠠᠶᠢᠭᠠᠯᠢ ᠶᠢᠨ ᠬᠦᠴᠦᠨ ᠤ ᠨᠥᠯᠥᠭᠡ ᠠᠴᠠ ᠪᠣᠯᠵᠤ᠂ ᠬᠥᠯᠥᠨ ᠨᠠᠭᠤᠷ ᠤᠨ | ᠤᠰᠤᠨ ᠤ ᠴᠢᠨᠠᠷ ᠨᠢ ᠮᠠᠭᠤ ᠤᠰᠤᠨ ᠤ 5 ᠳ᠋ᠤᠭᠠᠷ ᠲᠦᠷᠦᠯ ᠳᠤ ᠣᠷᠣᠭᠰᠠᠨ ᠪᠠᠶᠢᠪᠠᠴᠦ ᠣᠶᠢᠷ᠎ᠠ ᠶᠢᠨ ᠬᠡᠳᠦᠨ | ᠵᠢᠯ ᠤᠨ ᠲᠠᠰᠤᠷᠠᠯᠲᠠ ᠦᠭᠡᠢ ᠵᠠᠰᠠᠬᠤ ᠪᠠ ᠴᠢᠬᠤᠯᠠ ᠪᠦᠬᠦᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠬᠢᠮᠢ ᠶᠢᠨ | ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ᠂ PH ᠬᠡᠮᠵᠢᠭᠳᠡᠯ᠂ ᠶᠡᠷᠦᠩᠬᠡᠶ ᠠᠽᠣᠲ᠂ ᠶᠡᠷᠦᠩᠬᠡᠶ ᠹᠣᠰᠹᠣᠷ᠂ ᠶᠡᠷᠦᠩᠬᠡᠶ | ᠠᠷᠰᠧᠨ ᠵᠡᠷᠭᠡ ᠣᠯᠠᠨ ᠵᠦᠢᠯ ᠤᠨ ᠢᠯᠡᠳᠬᠡᠮᠵᠢ ᠨᠢ ᠰᠠᠶᠢᠵᠢᠷᠠᠬᠤ ᠬᠠᠨᠳᠤᠰᠢ ᠲᠠᠢ ᠪᠣᠯᠵᠠᠢ᠂ ᠡᠭᠦᠨ ᠤ ᠳᠣᠲᠣᠷ᠎ᠠ | PH ᠬᠡᠮᠵᠢᠭᠳᠡᠯ᠂ ᠶᠡᠷᠦᠩᠬᠡᠶ ᠠᠷᠰᠧᠨ ᠨᠢ ᠨᠢᠭᠡᠨᠲᠡ ᠭᠤᠷᠪᠠᠳᠤᠭᠠᠷ ᠲᠥᠷᠥᠯ ᠤᠨ ᠤᠰᠤᠨ ᠤ ᠴᠢᠨᠠᠷ ᠤᠨ ᠪᠠᠷᠢᠮᠵᠢᠶ᠎ᠠ | ᠳᠤ ᠬᠦᠷᠪᠡ᠃ |