3 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠪᠦᠬᠦ ᠣᠷᠣᠨ ᠤ ᠲᠤᠭ᠎ᠠ ᠪᠦᠷᠢᠳᠬᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ ᠹᠦ᠋ ᠲᠠᠢ ᠽᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠷᠤᠭ᠎ᠠ ᠬᠤ᠋ ᠴᠢᠶᠠᠨ ᠠᠵᠢᠯ ᠤᠨ ᠢᠯᠡᠳᠬᠡᠯ ᠬᠢᠵᠦ᠂ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠳᠠᠬᠢ ᠪᠠᠶᠢᠴᠠᠭᠠᠯᠲᠠ ᠶᠢᠨ ᠶᠡᠷᠦᠩᠬᠡᠶ | ᠠᠩᠭᠢ ᠶᠢᠨ ᠳᠠᠷᠤᠭ᠎ᠠ ᠰᠢᠦᠢ ᠭᠤᠸᠠᠩ ᠸᠧᠢ 2016 ᠣᠨ ᠤ ᠪᠠᠶᠢᠴᠠᠭᠠᠯᠲᠠ ᠶᠢᠨ ᠠᠵᠢᠯ ᠤᠨ ᠰᠡᠳᠬᠢᠮᠵᠢ ᠶᠢ | ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠹᠡᠩ | ᠷᠧᠨ ᠹᠸᠢ ᠬᠤᠷᠠᠯ ᠡᠷᠭᠢᠯᠡᠪᠡ᠃ | ᠹᠦ᠋ ᠲᠠᠢ ᠽᠧᠩ 2015 ᠣᠨ ᠤ ᠪᠦᠬᠦ ᠣᠷᠣᠨ ᠤ ᠲᠤᠭ᠎ᠠ ᠪᠦᠷᠢᠳᠬᠡᠯ ᠤᠨ ᠠᠵᠢᠯ ᠤᠨ ᠣᠯᠤᠭᠰᠠᠨ | ᠠᠮᠵᠢᠯᠲᠠ ᠶᠢ ᠭᠦᠢᠴᠡᠳ ᠨᠣᠲᠠᠯᠠᠵᠤ᠂ ᠲᠤᠭ᠎ᠠ ᠪᠦᠷᠢᠳᠬᠡᠯ ᠤᠨ ᠠᠵᠢᠯ ᠳᠤ ᠣᠷᠣᠰᠢᠵᠤ ᠪᠠᠶᠢᠭ᠎ᠠ ᠵᠠᠷᠢᠮ ᠵᠥᠷᠢᠴᠡᠯ | ᠪᠣᠯᠣᠨ ᠠᠰᠠᠭᠤᠳᠠᠯ ᠢ ᠵᠢᠭᠠᠵᠤ ᠭᠠᠷᠭᠠᠭᠰᠠᠨ ᠪᠦᠭᠡᠳ ᠡᠨᠡ ᠵᠢᠯ ᠤᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ | ᠬᠢᠬᠦ ᠲᠤᠬᠠᠶ ᠵᠢᠷᠭᠤᠭᠠᠨ ᠱᠠᠭᠠᠷᠳᠠᠯᠭ᠎ᠠ ᠳᠤᠷᠠᠳᠴᠠᠶ᠃ ᠨᠢᠭᠡ ᠳᠤ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠠᠵᠢᠯ ᠤᠨ ᠰᠢᠨ᠎ᠡ ᠪᠠᠶᠢᠷᠢᠯᠠᠭᠤᠯᠤᠯᠲᠠ ᠪᠣᠯᠣᠨ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ ᠲᠤᠭ᠎ᠠ ᠪᠦᠷᠢᠳᠬᠡᠯ ᠤᠨ ᠥᠭᠡᠷᠡᠴᠢᠯᠡᠯᠲᠡ ᠶᠢᠨ | ᠲᠠᠯ᠎ᠠ ᠪᠠᠷ ᠰᠢᠨ᠎ᠡ ᠶᠢ ᠡᠭᠦᠳᠬᠦ ᠶᠢ ᠲᠥᠷᠭᠡᠳᠬᠡᠬᠦ ᠬᠡᠷᠡᠭᠲᠡᠢ᠃ ᠭᠤᠷᠪᠠ ᠳᠤ ᠲᠤᠭ᠎ᠠ ᠪᠦᠷᠢᠳᠬᠡᠯ ᠤᠨ ᠠᠵᠢᠯ ᠤᠨ | ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ ᠦᠨᠡᠨ | ᠬᠦ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠬᠦᠴᠦᠯᠡᠨ | ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ | ᠲᠦᠷᠪᠡ ᠳᠤ ᠲᠤᠭ᠎ᠠ ᠪᠦᠷᠢᠳᠬᠡᠯ ᠤᠨ ᠵᠠᠳᠠᠯᠤᠨ ᠮᠠᠭᠠᠳᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠲᠠᠪᠤ ᠳᠤ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ | ᠵᠢᠷᠭᠤᠭ᠎ᠠ ᠳᠤ᠂ ᠲᠤᠭ᠎ᠠ ᠪᠦᠷᠢᠳᠬᠡᠯ ᠤᠨ ᠡᠩᠨᠡᠭᠡᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠶ᠃ | ᠬᠤ᠋ ᠴᠢᠶᠠᠨ ︽ᠴᠠᠭ ᠲᠣᠬᠢᠶᠠᠯ ᠢ ᠠᠮᠵᠢᠨ᠂ ᠥᠷᠢᠰᠥᠯᠳᠦᠭᠡᠨ ᠢ ᠠᠷᠭᠠᠴᠠᠭᠠᠵᠤ᠂ ︽13· 5︾ ᠶᠢᠨ | ᠬᠤᠭᠤᠴᠠᠭᠠᠨ ᠳᠠᠬᠢ ᠲᠤᠭ᠎ᠠ ᠪᠦᠷᠢᠳᠬᠡᠯ ᠤᠨ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠡᠬᠢᠯᠡᠯᠲᠡ ᠶᠢ | ᠴᠢᠷᠮᠠᠶᠢᠨ ᠪᠡᠶᠡᠯᠡᠭᠦᠯᠦᠶ᠎ᠡ︾ ᠭᠡᠰᠡᠨ ᠰᠡᠳᠦᠪ ᠢᠶᠠᠷ ᠠᠵᠢᠯ ᠤᠨ ᠢᠯᠡᠳᠬᠡᠯ ᠬᠢᠵᠦ᠂ 2015 ᠣᠨ ᠤ ᠪᠥᠬᠦ | ᠣᠷᠣᠨ ᠤ ᠲᠤᠭ᠎ᠠ ᠪᠦᠷᠢᠳᠬᠡᠯ ᠤᠨ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠲᠤᠭ᠎ᠠ ᠪᠦᠷᠢᠳᠬᠡᠯ ᠤᠨ | ᠠᠵᠢᠯ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠭᠦᠨᠵᠡᠭᠡᠢ ᠵᠠᠳᠠᠯᠪᠠ᠃ ᠬᠤ᠋ ᠴᠢᠶᠠᠨ | ᠴᠢᠬᠤᠯᠠᠴᠢᠯᠠᠭᠰᠠᠨ ᠨᠢ᠂ 2016 ᠣᠨ ᠪᠣᠯ ᠤᠳᠤ ᠦᠶ᠎ᠡ ᠶᠢᠨ ᠲᠤᠭ᠎ᠠ ᠪᠦᠷᠢᠳᠬᠡᠯ ᠤᠨ ᠰᠢᠰᠲ᠋ᠧᠮᠵᠢ ᠶᠢ | ᠪᠠᠶᠢᠭᠤᠯᠵᠤ᠂ ︽13 · 5︾ ᠶᠢᠨ ᠲᠤᠭ᠎ᠠ ᠪᠦᠷᠢᠳᠬᠡᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ | ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠶᠤᠮ᠂ ᠮᠥᠨ ᠴᠦ ᠪᠦᠬᠦ ᠣᠷᠣᠨ ᠤ ᠲᠤᠭ᠎ᠠ ᠪᠦᠷᠢᠳᠬᠡᠯ ᠤᠨ | ᠡᠩᠨᠡᠭᠡᠨ ᠤ ᠪᠠᠶᠢᠭᠤᠯᠤᠯᠲᠠ ᠶᠢᠨ ᠵᠢᠯ ᠪᠣᠯᠣᠨ᠎ᠠ᠂ ᠪᠦᠬᠦ ᠣᠷᠣᠨ ᠤ ᠲᠤᠭ᠎ᠠ ᠪᠦᠷᠢᠳᠬᠡᠯ ᠤᠨ ᠰᠢᠰᠲ᠋ᠧᠮᠵᠢ ᠳᠠᠬᠢ | ᠨᠠᠢᠮᠠᠨ ᠲᠠᠯ᠎ᠠ ᠶᠢᠨ ᠠᠵᠢᠯ ᠢ ᠬᠦᠴᠦ ᠲᠠᠯᠪᠢᠨ ᠰᠠᠶᠢᠲᠤᠷ ᠬᠢᠬᠦ ᠬᠡᠷᠡᠭᠲᠡᠶ᠄ ᠨᠢᠭᠡ ᠳᠤ ᠥᠪᠥᠷ ᠮᠣᠩᠭᠤᠯ ᠤᠨ | ᠪᠣᠳᠠᠲᠠᠶ ᠳᠤ ᠨᠡᠶᠢᠴᠡᠭᠰᠡᠨ ᠣᠳᠣ ᠦᠶ᠎ᠡ ᠶᠢᠨ ᠲᠤᠭ᠎ᠠ ᠪᠦᠷᠢᠳᠬᠡᠯ ᠤᠨ ᠰᠢᠰᠲ᠋ᠧᠮᠵᠢ ᠶᠢ ᠲᠦᠷᠭᠡᠨ ᠪᠠᠶᠢᠭᠤᠯᠬᠤ | ᠬᠡᠷᠡᠭᠲᠡᠢ᠂ ᠬᠤᠶᠠᠷ ᠲᠤ ᠲᠤᠭ᠎ᠠ ᠪᠦᠷᠢᠳᠬᠡᠯ ᠤᠨ ᠥᠭᠡᠷᠡᠴᠢᠯᠡᠯᠲᠡ ᠶᠢᠨ ᠪᠠᠬᠢᠯᠡᠯᠲᠡ ᠶᠢ ᠰᠢᠪᠲᠤᠯᠬᠤ ᠡᠷᠴᠢᠮ ᠢᠶᠠᠨ | ᠴᠢᠩᠭᠠᠳᠬᠠᠬᠤ ᠬᠡᠷᠡᠭᠲᠡᠢ᠂ ᠭᠤᠷᠪᠠ ᠳᠤ ᠪᠦᠬᠦ ᠣᠷᠣᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ | ᠲᠠᠷᠢᠶᠠᠯᠠᠩ ᠤᠨ ᠨᠡᠶᠢᠳᠡᠮ ᠤᠨ ᠪᠠᠶᠢᠴᠠᠭᠠᠯᠲᠠ ᠪᠣᠯᠤᠨ ᠲᠤᠰᠬᠠᠶ ᠪᠠᠶᠢᠴᠠᠭᠠᠯᠲᠠ ᠶᠢ ᠦᠨᠡᠨ ᠬᠦ ᠰᠠᠶᠢᠲᠤᠷ ᠠᠳᠬᠤᠬᠤ | ᠬᠡᠷᠡᠭᠲᠡᠢ᠂ ᠲᠦᠷᠪᠡ ᠳᠤ ᠲᠤᠭ᠎ᠠ ᠪᠦᠷᠢᠳᠬᠡᠯ ᠤᠨ ᠶᠠᠰᠤ ᠴᠢᠨᠠᠷ ᠢ ᠴᠤᠴᠠᠯᠲᠠ ᠦᠭᠡᠢ ᠰᠠᠶᠢᠲᠤᠷ ᠠᠳᠬᠤᠬᠤ | ᠬᠡᠷᠡᠭᠲᠡᠢ᠂ ᠲᠠᠪᠤ ᠳᠤ ᠲᠤᠭ᠎ᠠ ᠪᠦᠷᠢᠳᠬᠡᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠬᠤ | ᠬᠡᠷᠡᠭᠲᠡᠢ᠂ ᠵᠢᠷᠭᠤᠭ᠎ᠠ ᠳᠤ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠴᠢᠷᠮᠠᠶᠢᠨ | ᠳᠡᠭᠡᠭᠰᠢᠯᠡᠭᠦᠯᠬᠦ ᠬᠡᠷᠡᠭᠲᠡᠢ᠂ ᠲᠤᠯᠤᠭ᠎ᠠ ᠳᠤ ᠲᠤᠭ᠎ᠠ ᠪᠦᠷᠢᠳᠬᠡᠯ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ | ᠦᠷᠭᠦᠯᠵᠢᠯᠡᠨ ᠴᠢᠩᠭᠠᠳᠬᠠᠬᠤ ᠬᠡᠷᠡᠭᠲᠡᠢ᠂ ᠨᠠᠢᠮᠠ ᠳᠤ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠬᠡᠷᠡᠭᠲᠡᠢ᠃ | ᠹᠧᠩ ᠷᠧᠨ ᠹᠸᠢ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ | ᠲᠤᠬᠠᠶ ᠱᠠᠭᠠᠷᠳᠠᠯᠭ᠎ᠠ ᠳᠤᠷᠠᠳᠴᠠᠶ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠳᠡᠳ᠋ ᠱᠦᠵᠢ᠂ ᠲᠣᠪᠴᠢᠶ᠎ᠠ ᠶᠢᠨ ᠳᠡᠳ᠋ ᠳᠠᠷᠤᠭ᠎ᠠ ᠫᠠᠨ ᡁᠢ ᠹᠧᠩ ᠬᠤᠷᠠᠯ ᠤᠨ | ᠳ᠋ᠦᠩᠨᠡᠯᠲᠡ ᠳᠡᠭᠡᠨ ᠵᠢᠭᠠᠵᠤ ᠭᠠᠷᠭᠠᠭᠰᠠᠨ ᠨᠢ᠂ ᠡᠨᠡ ᠤᠳᠠᠭᠠᠨ ᠤ ᠬᠤᠷᠠᠯ ᠨᠢ ᠬᠡᠪ ᠪᠠᠷᠢᠮᠵᠢᠶ᠎ᠠ ᠪᠠᠷ ᠥᠨᠳᠥᠷ᠂ | ᠣᠨᠣᠯᠵᠢᠬᠤᠨ ᠰᠢᠨ᠎ᠡ᠂ ᠠᠭᠤᠯᠭ᠎ᠠ ᠪᠣᠳᠠᠲᠠᠶ ᠪᠦᠭᠡᠳ ᠶᠡᠭᠡ ᠠᠮᠵᠢᠯᠲᠠᠲᠠᠶ ᠶᠠᠪᠤᠭᠳᠠᠵᠤ᠂ ᠵᠢᠱᠢᠭᠰᠡᠨ | ᠬᠠᠷᠠᠯᠲᠠ ᠲᠠᠭᠠᠨ ᠬᠦᠷᠴᠦ᠂ ᠡᠯᠪᠡᠭ ᠦᠷ᠎ᠡ ᠪᠦᠲᠦᠭᠡᠯ ᠣᠯᠵᠠᠶ ᠭᠡᠪᠡ᠃ ᠲᠡᠷᠡ ᠴᠢᠬᠤᠯᠠᠴᠢᠯᠠᠭᠰᠠᠨ ᠨᠢ᠂ ᠡᠯ᠎ᠡ | ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠦᠴᠢᠷ ᠤᠳ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠰᠢᠨ᠎ᠡ | ᠬᠡᠪ ᠪᠠᠶᠢᠳᠠᠯ ᠰᠢᠨ᠎ᠡ ᠡᠭᠦᠷᠭᠡ ᠲᠠᠢ ᠤᠶᠠᠯᠳᠤᠭᠤᠯᠵᠤ᠂ ᠨᠢᠭᠡ ᠳᠤ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠢᠨ ᠦᠵᠡᠯ ᠤᠬᠠᠮᠰᠠᠷ᠂ ᠶᠣᠰᠣ ᠳᠦᠷᠢᠮ ᠤᠨ ᠦᠵᠡᠯ | ᠤᠬᠠᠮᠰᠠᠷ ᠢ ᠴᠢᠩᠭᠠᠳᠬᠠᠬᠤ ᠬᠡᠷᠡᠭᠲᠡᠢ᠂ ᠬᠤᠶᠠᠷ ᠲᠤ ᠲᠤᠭ᠎ᠠ ᠪᠦᠷᠢᠳᠬᠡᠯ ᠤᠨ ᠶᠠᠰᠤ ᠴᠢᠨᠠᠷ ᠢ ᠴᠢᠩᠭ᠎ᠠ ᠠᠳᠬᠤᠵᠤ᠂ | ᠦᠨᠡᠨ ᠪᠥᠭᠡᠳ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠂ ᠭᠤᠷᠪᠠ ᠳᠤ ᠲᠤᠭ᠎ᠠ ᠪᠦᠷᠢᠳᠬᠡᠯ ᠤᠨ | ᠵᠠᠳᠠᠯᠤᠯᠲᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠢ᠂ ᠳᠦᠷᠪᠠ ᠳᠤ ᠲᠤᠭ᠎ᠠ ᠪᠦᠷᠢᠳᠬᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠭᠦᠨᠵᠡᠭᠡᠶᠢᠷᠡᠭᠦᠯᠵᠦ᠂ ᠡᠯ᠎ᠡ ᠵᠦᠢᠯ ᠤᠨ ᠲᠤᠰᠬᠠᠶ ᠲᠤᠭ᠎ᠠ ᠪᠦᠷᠢᠳᠬᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠬᠦ ᠬᠡᠷᠡᠭᠲᠡᠶ᠂ ᠲᠠᠪᠤ ᠳᠤ ᠭᠤᠷᠪᠠᠳᠤᠭᠠᠷ ᠤᠳᠠᠭᠠᠨ ᠤ ᠲᠠᠷᠢᠶᠠᠯᠠᠩ ᠮᠠᠯ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠬᠦ ᠬᠡᠷᠡᠭᠲᠡᠶ ᠭᠡᠪᠡ᠃ ᠲᠡᠷᠡ ᠱᠠᠭᠠᠷᠳᠠᠭᠰᠠᠨ ᠨᠢ᠂ | ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠦᠴᠢᠷ ᠤᠳ ᠲᠤᠰ ᠤᠳᠠᠭᠠᠨ ᠤ ᠬᠤᠷᠠᠯ ᠤᠨ ᠵᠣᠷᠢᠭ | ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠬᠤ ᠬᠡᠷᠡᠭᠲᠡᠢ᠂ ᠨᠢᠭᠡ ᠳᠤ ᠬᠢᠨᠠᠮᠠᠭᠠᠶ ᠤᠯᠠᠮᠵᠢᠯᠠᠨ᠂ ᠬᠦᠴᠦᠨ | ᠴᠢᠳᠠᠯ ᠢᠶᠠᠨ ᠨᠢᠭᠲᠠᠷᠠᠭᠤᠯᠬᠤ ᠬᠡᠷᠡᠭᠲᠡᠢ᠂ ᠬᠤᠶᠠᠷ ᠲᠤ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ | ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠠᠳᠬᠤᠬᠤ ᠬᠡᠷᠡᠭᠲᠡᠢ᠂ ᠭᠤᠷᠪᠠ ᠳᠤ ᠴᠠᠭ ᠲᠤᠬᠠᠶ ᠳᠤᠨᠢ ᠬᠠᠷᠢᠭᠤ | ᠮᠡᠳᠡᠭᠳᠡᠵᠦ᠂ ᠳᠡᠯᠭᠡᠷᠡᠭᠦᠯᠦᠨ ᠰᠤᠯᠢᠯᠴᠠᠬᠤ ᠬᠡᠷᠡᠭᠲᠡᠢ ᠭᠡᠪᠡ᠃ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠠᠵᠢᠯ ᠬᠤᠪᠢᠳᠠᠨ ᠬᠠᠮᠢᠶᠠᠷᠴᠤ ᠪᠦᠬᠦᠢ ᠠᠶᠢᠮᠠᠭ ᠬᠤᠳᠠ ᠶᠢᠨ ᠳᠠᠷᠤᠭ᠎ᠠ᠂ ᠡᠯ᠎ᠡ ᠠᠶᠢᠮᠠᠭ ᠬᠤᠲᠠ ᠶᠢᠨ ᠲᠤᠭ᠎ᠠ | ᠪᠦᠷᠢᠳᠬᠡᠯ ᠤᠨ ᠲᠣᠪᠴᠢᠶᠠᠲ᠋ᠣᠪᠴᠢᠶᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠵᠢ᠊ ᠶᠢᠨ ᠳᠠᠷᠤᠭ᠎ᠠ ᠵᠢᠴᠢ ᠠᠯᠪᠠᠨ ᠭᠡᠷ ᠤᠨ ᠡᠷᠬᠢᠯᠡᠭᠴᠢ᠂ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠨ ᠥᠪᠥᠷ ᠮᠣᠩᠭᠤᠯ ᠳᠠᠬᠢ ᠪᠠᠶᠢᠴᠠᠭᠠᠯᠲᠠ ᠶᠢᠨ ᠶᠡᠷᠦᠩᠬᠡᠶ ᠠᠩᠬᠢ ᠶᠢᠨ | ᠤᠳᠤᠷᠢᠳᠬᠤ ᠪᠠᠭ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠢ ᠵᠥᠪᠯᠡᠯ᠂ | ᠠᠯᠪᠠᠨ ᠭᠡᠷ᠂ ᠲᠢᠩᠬᠢᠮ᠂ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠠᠵᠢᠯ ᠤᠨ ᠬᠠᠷᠢᠭᠤᠴᠠᠯᠭᠠᠲᠠᠳ᠂ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠣᠯᠤᠨ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠥᠪᠥᠷ ᠮᠣᠩᠭᠤᠯ ᠳᠠᠬᠢ ᠪᠠᠶᠢᠴᠠᠭᠠᠯᠲᠠ ᠶᠢᠨ ᠶᠡᠷᠦᠩᠬᠡᠶ ᠠᠩᠬᠢ ᠶᠢᠨ ᠪᠠᠶᠢᠭᠤᠯᠭ᠎ᠠ ᠶᠢᠨ ᠭᠠᠵᠠᠷ ᠤᠨ | ᠳᠡᠰ ᠤᠨ ᠺᠠᠳ᠋ᠷ ᠨᠡᠶᠢᠲᠡ 150 ᠬᠥᠮᠦᠨ ᠬᠤᠷᠠᠯ ᠳᠤ ᠣᠷᠣᠯᠴᠠᠵᠠᠶ᠃ | |