| | 3 ᠳ᠋ᠤᠭᠠᠷ ᠰᠠᠷ᠎ᠠ ᠶᠢᠨ 16 ᠤ ᠡᠳᠦᠷ᠂ ᠪᠥᠬᠦ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯᠳᠤᠭᠠᠨ ᠤ ᠭᠤᠣᠯ ᠡᠭᠦᠷᠭᠡ | ᠭᠡᠪᠡᠯ 2015 ᠣᠨ ᠤ ᠪᠥᠬᠦ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢᠶᠠᠨ ᠡᠷᠭᠢᠴᠡᠭᠦᠯᠦᠨ | ᠳ᠋ᠦᠩᠨᠡᠵᠦ᠂ 2016 ᠣᠨ ᠤ ᠪᠥᠬᠦ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠡᠭᠦᠷᠭᠡ | ᠶᠢ ᠪᠠᠶᠢᠷᠢᠯᠠᠭᠤᠯᠤᠠ ᠲᠣᠬᠢᠷᠠᠭᠤᠯᠵᠦ᠂ 2015 ᠣᠨ ᠤ ᠪᠦᠬᠦ ᠣᠷᠣᠨ ᠤ ᠬᠠᠷᠢᠭᠤᠴᠠᠯᠭ᠎ᠠ ᠬᠠᠷᠠᠯᠲᠠ ᠶᠢᠨ ᠰᠢᠯᠭᠠᠨ | ᠬᠢᠨᠠᠯᠲᠠ ᠳᠤ ᠲᠤᠪᠤᠶᠢᠮ᠎ᠠ ᠪᠣᠶᠣ ᠨᠡᠯᠢᠶᠡᠳ ᠲᠤᠪᠤᠶᠢᠮ᠎ᠠ ᠠᠮᠵᠢᠯᠲᠠ ᠣᠯᠣᠭᠰᠠᠨ ᠨᠢᠭᠡᠴᠡ ᠶᠢ ᠬᠥᠬᠢᠭᠦᠯᠦᠨ | ᠰᠠᠶᠢᠰᠢᠶᠠᠪᠠ᠃ | ᠦᠳᠡ ᠶᠢᠨ ᠡᠮᠦᠨ᠎ᠡ ᠶᠢᠨ ᠬᠤᠷᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠭᠡᠷ ᠤᠨ ᠳᠡᠳ᠋ ᠡᠷᠬᠢᠯᠡᠭᠴᠢ ᠰᠦᠨ ᠪᠤᠤ ᠫᠢᠩ ᠡᠷᠬᠢᠯᠡᠵᠦ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠬᠢᠯᠡᠭᠴᠢ ᠵᠤᠤ ᠵᠢᠶᠠᠩ ᠲᠤᠤ 2015 ᠣᠨ ᠤ ᠪᠦᠬᠦ ᠣᠷᠣᠨ ᠤ ᠠᠷᠠᠳ ᠤᠨ ᠠᠭᠠᠷ ᠤᠨ | ᠰᠡᠷᠭᠡᠶᠢᠯᠡᠯᠲᠡ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ ᠬᠢᠵᠦ᠂ 2016 ᠣᠨ ᠤ ᠠᠵᠢᠯ ᠤᠨ ᠡᠭᠦᠷᠭᠡ ᠶᠢ | ᠲᠣᠬᠢᠷᠠᠭᠤᠯᠤᠨ ᠪᠠᠶᠢᠷᠢᠯᠠᠭᠤᠯᠪᠠ᠂ ᠳᠡᠳ᠋ ᠡᠷᠬᠢᠯᠡᠭᠴᠢ ᠸᠠᠩ ᠬᠤᠸᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠬᠥᠬᠢᠭᠦᠯᠦᠨ ᠱᠠᠩᠨᠠᠬᠤ ᠲᠣᠭᠲᠠᠭᠠᠯ ᠢ ᠤᠩᠰᠢᠨ ᠨᠡᠶᠢᠲᠡᠯᠡᠵᠡᠶ᠃ | ᠤᠯᠠᠭᠠᠨᠬᠠᠳᠠ ᠬᠤᠳᠠ᠂ ᠲᠦᠩᠯᠢᠶᠣᠤ ᠬᠤᠳᠠ᠂ ᠰᠢᠯᠢ ᠶᠢᠨ ᠭᠤᠣᠯ ᠠᠶᠢᠮᠠᠭ᠂ ᠬᠥᠯᠥᠨ ᠪᠤᠶᠢᠷ ᠬᠤᠲᠠ | ᠪᠣᠯᠤᠨ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤ ᠶᠢᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ | ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠠᠵᠢᠯ ᠢᠶᠠᠨ ᠥᠷᠨᠢᠭᠦᠯᠦᠭᠰᠡᠨ ᠲᠤᠷᠰᠢᠯᠭ᠎ᠠ ᠪᠣᠯᠤᠨ ᠣᠶᠢᠯᠠᠭᠠᠯᠲᠠ ᠪᠠᠨ | ᠲᠠᠨᠢᠯᠴᠠᠭᠤᠯᠤᠨ ᠰᠣᠯᠢᠯᠴᠠᠪᠠ᠃ | ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠡᠯ᠎ᠡ ᠠᠶᠢᠮᠠᠭ ᠬᠤᠳᠠ ᠶᠢᠨ ᠠᠭᠠᠷ ᠤᠨ ᠰᠡᠷᠭᠡᠶᠢᠯᠡᠯᠲᠡ ᠶᠢᠨ | ᠠᠯᠪᠠᠨ ᠭᠡᠷ ᠯᠦᠭᠡ 2016 ᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠬᠠᠷᠢᠭᠤᠴᠠᠯᠭ᠎ᠠ ᠶᠢᠨ | ᠪᠢᠴᠢᠭ ᠳᠡᠭᠡᠷ᠎ᠡ ᠭᠠᠷ ᠤᠨ ᠦᠰᠦᠭ ᠵᠢᠷᠤᠨ᠂ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠢᠯ ᠢᠶᠠᠨ ᠥᠷᠨᠢᠭᠦᠯᠬᠦ | ᠳᠤᠮᠳᠠ ᠲᠤᠯᠭᠠᠷᠠᠭᠰᠠᠨ ᠰᠢᠨ᠎ᠡ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠪᠣᠯᠤᠨ ᠠᠷᠭ᠎ᠠ᠂ ᠭᠤᠣᠯᠳᠠᠯᠭ᠎ᠠ ᠲᠠᠢ | ᠠᠵᠢᠯ ᠤᠨ ᠬᠠᠷᠠᠯᠲᠠ ᠪᠠ ᠳᠠᠷᠠᠭ᠎ᠠ ᠠᠯᠬᠤᠮ ᠤᠨ ᠴᠢᠷᠮᠠᠶᠢᠬᠤ ᠴᠢᠭᠯᠡᠯ ᠵᠡᠷᠭᠡ ᠲᠠᠯ᠎ᠠ ᠪᠠᠷ ᠶᠠᠷᠢᠯᠴᠠᠨ ᠰᠠᠨᠠᠯ ᠢᠶᠠᠨ | ᠰᠣᠯᠢᠯᠴᠠᠪᠠ᠃ | ᠡᠯ᠎ᠡ ᠠᠶᠢᠮᠠᠭ ᠬᠤᠳᠠ᠂ ᠬᠤᠰᠢᠭᠤ ᠰᠢᠶᠠᠨ ᠤ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠳ | ᠬᠤᠷᠠᠯ ᠤᠨ ᠠᠬᠤᠶ ᠪᠠᠶᠢᠳᠠᠯ ᠢ ᠪᠥᠬᠦ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠢᠯᠣᠭᠤᠳᠬᠤ ᠮᠡᠳᠡᠭᠡ | ᠵᠠᠩᠭᠢ ᠶᠢᠨ ᠰᠦᠯᠵᠢᠶ᠎ᠡ ᠪᠠᠷ ᠬᠤᠪᠢᠶᠠᠷᠢ ᠬᠤᠷᠠᠯ ᠤᠨ ᠲᠠᠯᠠᠪᠠᠢ ᠳᠤ ᠲᠤᠰ ᠲᠤᠰ ᠬᠦᠯᠢᠶᠡᠨ ᠰᠣᠨᠣᠰᠪᠠ᠃ |