| | | | 3 ᠳ᠋ᠤᠭᠠᠷ ᠰᠠᠷ᠎ᠠ ᠶᠢᠨ 16 ᠤ ᠡᠳᠦᠷ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠪᠡᠭᠡᠵᠢᠩ ᠳᠤ ᠲᠡᠭᠦᠰᠪᠡ᠃ | ᠮᠠᠨ ᠤ ᠣᠷᠣᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠵᠠᠬᠢᠳᠠᠯ ᠰᠤᠷᠪᠤᠯᠵᠢᠯᠠᠯ ᠤᠨ ᠠᠵᠢᠯ ᠢ | ᠴᠦ ᠤᠷᠤᠭᠰᠢᠲᠠᠶ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ | ᠪᠢᠴᠢᠭ ᠤᠨ ᠳᠠᠷᠤᠭ᠎ᠠ᠂ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠳᠡᠳ᠋ | ᠱᠦᠵᠢ᠂ ᠬᠤᠯᠪᠣᠭᠠᠲᠤ ᠬᠤᠷᠠᠯ ᠤᠨ ᠠᠯᠪᠠᠨ ᠭᠡᠷ ᠤᠨ ᠡᠷᠬᠢᠯᠡᠭᠴᠢ᠂ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠭᠦᠸᠧ ᠷᠦᠢ ᠪᠦᠬᠦ ᠤᠯᠤᠰ ᠤᠨ | ᠬᠤᠶᠠᠷ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠯ ᠤᠨ ᠠᠵᠢᠯ ᠤᠨ ᠳ᠋ᠦᠩᠨᠡᠯᠲᠡ ᠶᠢᠨ ᠬᠤᠷᠠᠯ ᠢ | ᠡᠷᠬᠢᠯᠡᠨ ᠬᠤᠷᠠᠯᠳᠤᠭᠤᠯᠵᠤ᠂ ᠡᠨᠡ ᠤᠳᠠᠭᠠᠨ ᠤ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠪᠥᠬᠦ | ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠡᠷᠭᠢᠴᠡᠭᠦᠯᠦᠨ ᠳ᠋ᠦᠩᠨᠡᠨ᠂ ᠭᠦᠢᠴᠡᠳ ᠨᠤᠲᠠᠯᠠᠵᠤ᠂ ᠡᠯ᠎ᠡ | ᠱᠠᠲᠤᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠫᠣᠷᠲ᠋ᠧᠯ ᠰᠦᠯᠵᠢᠶᠡᠨ ᠪᠠ ᠸᠧᠴᠠᠲ ᠤᠨ ᠣᠯᠠᠨ | ᠨᠡᠶᠢᠲᠡ ᠶᠢᠨ ᠳᠠᠪᠴᠠᠩ ᠤᠨ ᠠᠵᠢᠯᠯᠠᠭᠠᠨ ᠤ ᠪᠠᠶᠢᠳᠠᠯ ᠢ ᠮᠡᠳᠡᠭᠳᠡᠵᠦ᠂ ᠪᠥᠬᠦ ᠣᠷᠣᠨ ᠤ ᠡᠯ᠎ᠡ ᠵᠦᠢᠯ ᠤᠨ ᠵᠠᠬᠢᠳᠠᠯ | ᠰᠤᠷᠪᠤᠯᠵᠢᠯᠠᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠳᠠᠬᠢᠨ ᠪᠠᠶᠢᠷᠢᠯᠠᠭᠤᠯᠤᠯᠲᠠ ᠬᠢᠪᠡ᠃ | ᠦ᠋ ᠭᠦᠸᠧ ᠷᠦᠢ ᠴᠢᠬᠤᠯᠠᠴᠢᠯᠠᠭᠰᠠᠨ ᠨᠢ᠂ ᠠᠮᠵᠢᠯᠲᠠ ᠶᠢ ᠬᠢᠯᠪᠠᠷ ᠪᠤᠰᠤ ᠪᠠᠷ ᠣᠯᠤᠭᠰᠠᠨ ᠶᠤᠮ᠂ | ᠶᠠᠭᠤᠨ ᠤ ᠡᠮᠦᠨ᠎ᠡ ᠲᠤᠰᠠ ᠪᠣᠯᠣᠭᠰᠠᠨ ᠨᠢ ᠪᠥᠬᠦ ᠣᠷᠣᠨ ᠤ ᠡᠯ᠎ᠡ ᠱᠠᠲᠤᠨ ᠤ ᠤᠳᠤᠷᠢᠳᠬᠤ ᠨᠥᠬᠦᠳ ᠤᠨ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠪᠠᠲᠤ ᠪᠠᠭᠢ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠣᠯᠭᠤᠭᠰᠠᠨ ᠪᠠᠶᠢᠨ᠎ᠠ᠃ ᠬᠤᠶᠠᠷ ᠲᠤ ᠲᠤᠰᠠ ᠪᠣᠯᠣᠭᠰᠠᠨ ᠨᠢ ᠡᠯ᠎ᠡ ᠲᠠᠯ᠎ᠠ ᠶᠢᠨ | ᠬᠢᠨ ᠵᠣᠬᠢᠴᠠᠭᠤᠯᠤᠨ ᠬᠠᠮᠲᠤᠷᠠᠨ ᠬᠥᠳᠡᠯᠦᠯᠴᠡᠵᠦ᠂ ᠠᠵᠢᠯ ᠤᠨ ᠨᠡᠶᠢᠯᠡᠮᠡᠯ ᠬᠦᠴᠦᠨ ᠢ ᠦᠨᠡᠨ ᠬᠦ ᠪᠦᠷᠢᠯᠳᠦᠭᠦᠯᠪᠡ᠃ | ᠭᠤᠷᠪᠠ ᠳᠤ ᠲᠤᠰᠠ ᠪᠣᠯᠣᠭᠰᠠᠨ ᠨᠢ ᠬᠠᠷᠢᠶ᠎ᠠ ᠣᠷᠣᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ᠃ | ᠲᠦᠷᠪᠡ ᠳᠤ ᠲᠤᠰᠠ ᠪᠣᠯᠣᠭᠰᠠᠨ ᠨᠢ ᠪᠤᠴᠠᠭᠠᠬᠤ ᠪᠠᠷ ᠢᠳᠬᠠᠬᠤ ᠠᠵᠢᠯ ᠢ ᠪᠠᠲᠤ ᠠᠳᠬᠤᠵᠤ ᠪᠣᠳᠠᠲᠠᠶ ᠪᠠᠷ | ᠠᠳᠬᠤᠪᠠ᠃ | ᠦ᠋ ᠭᠦᠸᠧ ᠷᠦᠢ ᠱᠠᠭᠠᠷᠳᠠᠭᠰᠠᠨ ᠨᠢ᠂ ᠪᠥᠬᠦ ᠣᠷᠣᠨ ᠤ ᠵᠠᠬᠢᠳᠠᠯ ᠰᠤᠷᠪᠤᠯᠵᠢᠯᠠᠯ ᠰᠢᠰᠲ᠋ᠧᠮ ᠡᠷᠬᠡᠪᠰᠢ᠄ | ᠨᠢᠭᠡ ᠳᠤ᠂ ᠡᠳᠦᠷ ᠲᠤᠲᠤᠮ ᠤᠨ ᠵᠠᠬᠢᠳᠠᠯ ᠰᠤᠷᠪᠤᠯᠵᠢᠯᠠᠯ ᠤᠨ ᠠᠵᠢᠯ ᠢᠶᠠᠨ ᠦᠷᠭᠦᠯᠵᠢᠯᠡᠨ ᠰᠠᠶᠢᠲᠤᠷ ᠬᠡᠷᠡᠭᠲᠡᠢ︔ | ᠬᠤᠶᠠᠷ ᠳᠤ ᠬᠠᠷᠢᠶ᠎ᠠ ᠣᠷᠣᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠲᠤᠳᠬᠠᠵᠤ᠂ ᠵᠠᠬᠢᠳᠠᠯ | ᠰᠤᠷᠪᠤᠯᠵᠢᠯᠠᠯ ᠤᠨ ᠳᠡᠭᠡᠭᠰᠢ ᠪᠠᠨ ᠶᠠᠪᠤᠬᠤ ᠶᠢ ᠵᠠᠭᠠᠯᠳᠤᠬᠤ ᠶᠢ ᠪᠠᠭᠠᠰᠬᠠᠬᠤ ᠬᠡᠷᠡᠭᠲᠡᠶ︔ ᠭᠤᠷᠪᠠ ᠳᠤ ᠪᠡᠭᠡᠵᠢᠩ ᠳᠤ | ᠰᠠᠭᠤᠭ᠎ᠠ ᠠᠵᠢᠯ ᠪᠣᠯᠤᠨ ᠡᠩᠨᠡᠭᠡ ᠶᠢ ᠪᠠᠶᠢᠭᠤᠯᠤᠯᠲᠠ ᠶᠢᠨ ᠬᠤᠶᠠᠷ ᠲᠠᠯ᠎ᠠ ᠪᠠᠷ ᠠᠳᠬᠤᠬᠤ ᠬᠡᠷᠡᠭᠲᠡᠶ ᠭᠡᠪᠡ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ | ᠭᠠᠵᠠᠷ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠳᠡᠳ᠋ ᠳᠠᠷᠤᠭ᠎ᠠ᠂ | ᠪᠡᠭᠡᠵᠢᠩ ᠳᠤ ᠰᠠᠭᠤᠭ᠎ᠠ ᠵᠠᠬᠢᠳᠠᠯ ᠰᠤᠷᠪᠤᠯᠵᠢᠯᠠᠯ ᠤᠨ ᠠᠵᠢᠯᠯᠠᠬᠤ ᠳᠤᠭᠤᠶᠢᠯᠠᠩ ᠤᠨ ᠳᠠᠷᠤᠭ᠎ᠠ ᠰᠦ᠋ ᠸᠧᠨ ᠴᠢᠩ | ᠬᠤᠷᠠᠯ ᠢ ᠡᠷᠭᠢᠯᠡᠪᠡ᠃ ᠡᠯ᠎ᠡ ᠠᠶᠢᠮᠠᠭ ᠬᠤᠲᠠ ᠪᠣᠯᠤᠨ ᠮᠠᠨᠵᠤᠤᠷ ᠬᠤᠳᠠ᠂ ᠡᠷᠢᠶᠡᠨ ᠬᠤᠲᠠ ᠶᠢᠨ ᠵᠠᠬᠢᠳᠠᠯ | ᠰᠤᠷᠪᠤᠯᠵᠢᠯᠠᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠵᠠᠬᠢᠳᠠᠯ ᠰᠤᠷᠪᠤᠯᠵᠢᠯᠠᠯ ᠤᠨ | ᠲᠣᠪᠴᠢᠶᠠᠨ ᠤ ᠳᠠᠷᠤᠭ᠎ᠠ᠂ ᠪᠡᠭᠡᠵᠢᠩ ᠳᠤ ᠰᠠᠭᠤᠭ᠎ᠠ ᠵᠠᠬᠢᠳᠠᠯ ᠰᠤᠷᠪᠤᠯᠵᠢᠯᠠᠯ ᠤᠨ ᠠᠵᠢᠯᠯᠠᠬᠤ ᠳᠤᠭᠤᠶᠢᠯᠠᠩ ᠤᠨ | ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠬᠢᠭᠡᠳ ᠨᠢᠭᠡ | ᠪᠦᠯᠦᠭ ᠳᠤᠮᠳᠠ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ |