| ᠪᠦᠬᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠪᠣᠯᠤᠨ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽12·5︾ ᠶᠢᠨ ᠲᠦᠯᠦᠪᠵᠢᠬᠦᠯᠭᠡ ᠶᠢᠨ | ᠲᠡᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ | ᠳ᠋ᠦᠩᠨᠡᠵᠦ᠂ ᠣᠳᠣᠬᠠᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠪᠤᠯᠤᠨ ᠣᠷᠣᠰᠢᠵᠤ ᠪᠠᠶᠢᠭ᠎ᠠ | ᠠᠰᠠᠭᠤᠳᠠᠯ ᠢ ᠵᠠᠳᠠᠯᠵᠤ᠂ ︽13·5︾ ᠶᠢᠨ ᠲᠦᠯᠦᠪᠵᠢᠬᠦᠯᠭᠡ ᠪᠤᠯᠤᠨ 2016 ᠣᠨ ᠤ ᠭᠤᠣᠯᠳᠠᠯᠭ᠎ᠠ ᠲᠠᠢ | ᠠᠵᠢᠯ ᠢ ᠪᠠᠶᠢᠷᠢᠯᠠᠭᠤᠯᠬᠤ ᠶᠢᠨ ᠲᠤᠯᠠᠳᠠ᠂ 3 ᠳ᠋ᠤᠭᠠᠷ ᠰᠠᠷ᠎ᠠ ᠶᠢᠨ 16 ᠤ ᠡᠳᠦᠷ᠂ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ ᠠᠴᠠ ᠪᠦᠬᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠪᠠ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠦᠸᠧ ᠵᠢᠶᠠᠨ | ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠂ ᠲᠡᠷᠡ ᠬᠠᠨᠭ᠍ᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠱᠠᠭᠠᠷᠳᠠᠯᠭ᠎ᠠ ᠶᠢᠨ ᠲᠠᠯ᠎ᠠ ᠪᠠᠷ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠴᠢᠬᠤᠯᠠ | ᠴᠢᠨᠠᠷ ᠢ ᠴᠢᠬᠤᠯᠠᠴᠢᠯᠠᠭᠰᠠᠨ ᠪᠠᠶᠢᠨ᠎ᠠ᠃ ᠲᠡᠷᠡ ᠣᠳᠣᠬᠠᠨ ᠤ ᠮᠠᠨ ᠤ ᠣᠷᠣᠨ ᠤ ᠲᠠᠷᠢᠶᠠᠯᠠᠩ ᠤᠨ ᠪᠦᠲᠦᠭᠡᠭᠳᠡᠭᠦᠨ | ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠳᠤᠮᠳᠠ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠵᠠᠳᠠᠯᠤᠨ᠂ ᠤᠯᠠᠨ ᠢᠶᠠᠷ ᠢᠶᠠᠨ ᠰᠡᠷᠡᠮᠵᠢ ᠶᠢᠨ ᠬᠤᠩᠬᠤ ᠶᠢ | ᠬᠡᠵᠢᠶᠡᠳᠡ ᠳᠠᠭᠤᠷᠢᠰᠬᠠᠵᠤ ᠪᠠᠶᠢᠬᠤ ᠬᠡᠷᠡᠭᠲᠡᠶ ᠭᠡᠵᠦ ᠰᠠᠨᠠᠭᠤᠯᠤᠨ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ | ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠠᠭ ᠢᠮᠠᠭᠲᠠ | ᠰᠡᠳᠬᠢᠯ ᠳᠡᠭᠡᠨ ᠬᠠᠳᠠᠩᠰᠢᠭᠤᠯᠵᠤ᠂ ᠭᠠᠷ ᠲᠠᠭᠠᠨ ᠠᠳᠬᠤᠵᠤ᠂ ᠴᠠᠭ ᠢᠮᠠᠭᠲᠠ ᠰᠤᠯᠠᠷᠠᠭᠤᠯᠤᠯ ᠦᠭᠡᠶ ᠪᠠᠷᠢᠮᠲᠠᠯᠠᠵᠤ | ᠂ ᠥᠴᠦᠬᠡᠨ ᠴᠦ ᠠᠨᠢᠷ ᠦᠯᠦ ᠲᠠᠯᠪᠢᠬᠤ ᠣᠪᠣᠷ ᠢᠶᠠᠷ 1% ᠶᠢᠨ ᠠᠰᠠᠭᠤᠳᠠᠯ ᠢ ᠴᠤ ᠭᠡᠰᠡᠨ 100% ᠶᠢᠨ | ᠴᠢᠷᠮᠠᠶᠢᠭ᠎ᠠ ᠭᠠᠷᠭᠠᠵᠤ ᠪᠠᠶᠢᠭᠠᠳ ᠰᠢᠢᠳᠪᠦᠷᠢᠯᠡᠬᠦ ᠬᠡᠷᠡᠭᠲᠠᠢ ᠬᠡᠪᠡ᠃ | ᠲᠢᠩᠬᠢᠮ ᠤᠨ ᠳᠠᠷᠤᠭ᠎ᠠ ᠬᠦᠸᠧ ᠵᠢᠶᠠᠨ ᠴᠢᠬᠤᠯᠠᠴᠢᠯᠠᠭᠰᠠᠨ ᠨᠢ᠂ ᠨᠢᠭᠡ ᠲᠠᠯ᠎ᠠ ᠪᠠᠷ ᠪᠠᠷᠢᠮᠵᠢᠶᠠᠵᠢᠭᠰᠠᠨ | ᠦᠢᠯᠡᠳᠪᠦᠷᠢᠯᠡᠯ ᠢ ᠠᠳᠬᠤᠵᠤ᠂ ᠪᠠᠰᠠ ᠨᠢᠭᠡ ᠲᠠᠯ᠎ᠠ ᠪᠠᠷ ᠬᠠᠤᠯᠢ ᠬᠡᠷᠡᠭᠵᠢᠬᠦᠯᠦᠯᠲᠡ ᠶᠢ ᠬᠢᠨᠠᠵᠤ ᠬᠠᠮᠢᠶᠠᠷᠬᠤ ᠶᠢ | ᠠᠳᠬᠤᠵᠤ᠂ ︽ᠦᠢᠯᠡᠳᠪᠦᠷᠢᠯᠡᠯ︾ ᠪᠤᠯᠤᠨ ︽ᠬᠠᠮᠢᠶᠠᠷᠤᠯᠲᠠ︾ ᠶᠢ ᠤᠶᠠᠯᠳᠤᠭᠤᠯᠵᠤ᠂ ︽ᠵᠢᠷᠭᠤᠭᠠᠨ ᠲᠠᠯ᠎ᠠ ᠪᠠᠷ | ᠬᠦᠴᠦ ᠣᠷᠣᠭᠤᠯᠵᠤ︾ ᠪᠠᠶᠢᠭᠠᠳ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠲᠣᠳᠣᠷᠬᠠᠶ | ᠪᠠᠶᠢᠷᠢᠯᠠᠭᠤᠯᠬᠤ ᠬᠡᠷᠡᠭᠲᠠᠢ ᠬᠡᠵᠤ ᠴᠢᠬᠤᠯᠠᠴᠢᠯᠠᠪᠠ᠃ ᠨᠢᠭᠡ ᠳᠤ ᠰᠢᠰᠲ᠋ᠧᠮᠵᠢ ᠶᠢᠨ ᠪᠠᠶᠢᠭᠤᠯᠤᠯᠲᠠ ᠳᠡᠭᠡᠷ᠎ᠡ ᠬᠦᠴᠦ | ᠲᠠᠯᠪᠢᠬᠤ ᠬᠡᠷᠡᠭᠲᠡᠶ᠃ ᠬᠤᠶᠠᠷ ᠲᠤ ᠣᠷᠣᠭᠤᠯᠤᠯᠲᠠ ᠶᠢᠨ ᠵᠦᠢᠯ ᠤᠨ ᠬᠢᠨᠠᠯᠲᠠ ᠬᠠᠮᠢᠶᠠᠷᠤᠯᠲᠠ ᠳᠡᠭᠡᠷ᠎ᠡ ᠬᠦᠴᠦ | ᠲᠠᠯᠪᠢᠬᠤ ᠬᠡᠷᠡᠭᠲᠡᠶ᠃ ᠭᠤᠷᠪᠠ ᠳᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠂ | ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠶ᠃ ᠲᠦᠷᠪᠡ ᠳᠤ | ᠰᠡᠳᠬᠢᠯ ᠢᠶᠠᠨ ᠨᠢᠭᠡᠳᠭᠡᠨ ᠬᠦᠴᠦᠨ ᠢᠶᠠᠨ ᠲᠦᠪᠯᠡᠷᠡᠭᠦᠯᠵᠤ ᠴᠤᠭᠠᠷ ᠢᠶᠠᠷ ᠠᠳᠬᠤᠨ ᠬᠠᠮᠲᠤ ᠪᠠᠷ ᠬᠠᠮᠢᠶᠠᠷᠬᠤ | ᠳᠡᠭᠡᠷ᠎ᠡ ᠬᠦᠴᠦ ᠲᠠᠯᠪᠢᠬᠤ ᠬᠡᠷᠡᠭᠲᠡᠶ᠃ ᠲᠠᠪᠤ ᠳᠤ ᠶᠠᠰᠤ ᠴᠢᠨᠠᠷ ᠢ ᠰᠢᠯᠭᠠᠨ ᠪᠠᠶᠢᠴᠠᠭᠠᠬᠤ ᠲᠥᠷᠥᠯ ᠵᠦᠢᠯ ᠤᠨ | ᠪᠥᠳᠥᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯᠯᠠᠭᠠᠨ ᠳᠡᠭᠡᠷ᠎ᠡ ᠬᠦᠴᠦ ᠲᠠᠯᠪᠢᠬᠤ ᠬᠡᠷᠡᠭᠲᠡᠶ᠃ | ᠵᠢᠷᠭᠤᠭ᠎ᠠ ᠳᠤ ᠡᠩᠨᠡᠭᠡᠨ ᠤ ᠪᠠᠶᠢᠭᠤᠯᠤᠯᠲᠠ᠂ ᠲᠦᠷᠢᠮ ᠢ ᠲᠡᠭᠦᠯᠳᠡᠷᠵᠢᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠶ᠃ | ᠲᠢᠩᠬᠢᠮ ᠤᠨ ᠳᠡᠳ᠋ ᠳᠠᠷᠤᠭ᠎ᠠ ᠰᠢᠦᠢ ᠶᠠᠨ ᠾᠦᠢ ᠬᠤᠷᠠᠯ ᠡᠷᠬᠢᠯᠡᠭᠰᠡᠨ ᠪᠥᠭᠡᠳ ᠪᠠᠰᠠ ᠳ᠋ᠦᠩᠨᠡᠯᠲᠡ ᠶᠢᠨ | ᠶᠠᠷᠢᠶ᠎ᠠ ᠲᠠᠯᠪᠢᠵᠤ᠂ ᠡᠳᠦᠷ ᠲᠤᠳᠤᠮ ᠤᠨ ᠬᠠᠤᠯᠢ ᠬᠡᠷᠡᠭᠵᠢᠬᠦᠯᠦᠯᠲᠡ ᠶᠢ ᠬᠢᠨᠠᠨ ᠬᠠᠮᠢᠶᠠᠷᠬᠤ᠂ ᠮᠥᠷᠳᠡᠨ | ᠬᠠᠮᠢᠶᠠᠷᠬᠤ ᠶᠢ ᠲᠦᠷᠭᠡᠳᠬᠡᠨ ᠠᠬᠢᠭᠤᠯᠬᠤ᠂ ᠬᠤᠳᠠᠯ ᠬᠠᠭᠤᠷᠮᠠᠭ ᠲᠠᠷᠢᠶᠠᠯᠠᠩ ᠤᠨ ᠭᠡᠷᠡᠭᠰᠡᠯ ᠳᠤ ᠴᠤᠬᠢᠯᠲᠠ ᠦᠭᠭᠦ | ᠲᠤᠰᠬᠠᠶ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠬᠤ ᠵᠡᠷᠭᠡ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠪᠠ᠃ | ᠬᠥᠬᠡᠬᠤᠲᠠ ᠳᠤ ᠬᠤᠷᠠᠯ ᠤᠨ ᠭᠤᠣᠯ ᠲᠠᠯᠠᠪᠠᠢ ᠭᠠᠷᠭᠠᠵᠤ᠂ 11 ᠠᠶᠢᠮᠠᠭ ᠬᠤᠲᠠ᠂ 2 ᠲᠦᠯᠦᠪᠯᠡᠭᠡ ᠳᠤ | ᠠᠰᠳᠠᠭᠠᠨ ᠵᠢᠭᠰᠠᠭᠠᠭᠰᠠᠨ ᠬᠤᠳᠠ ᠪᠣᠯᠤᠨ 20 ᠭᠠᠷᠤᠶ ᠬᠤᠰᠢᠭᠤ ᠰᠢᠶᠠᠨ ᠳᠤ ᠬᠤᠪᠢᠶᠠᠷᠢ ᠲᠠᠯᠠᠪᠠᠢ ᠭᠠᠷᠭᠠᠪᠠ᠃ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠮᠠᠯ | ᠠᠵᠤ ᠠᠬᠤᠢ ᠶᠢᠨ ᠶᠡᠷᠦᠩᠭᠡᠢ ᠮᠡᠷᠭᠡᠵᠢᠯᠲᠡᠨ ᠶᠠᠨ ᠫᠢᠩ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠢᠶᠠ ᠶᠤᠸᠠᠢ ᠹᠸᠡᠭ | ᠭᠤᠣᠯ ᠲᠠᠯᠠᠪᠠᠢ ᠶᠢᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ ᠤᠨ 3 ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠤᠯᠠᠭᠠᠨᠴᠠᠪ ᠬᠤᠳᠠ᠂ | ᠲᠦᠩᠯᠢᠶᠣᠤ ᠬᠤᠲᠠ᠂ ᠬᠠᠩᠭᠢᠨ ᠬᠤᠶᠢᠲᠤ ᠬᠤᠰᠢᠭᠤ ᠵᠡᠷᠭᠡ ᠨᠡᠶᠢᠲᠡ 6 ᠨᠢᠭᠡᠴᠡ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯ ᠢᠶᠠᠨ ᠠᠳᠠᠯᠢ ᠪᠤᠰᠤ ᠲᠠᠯ᠎ᠠ ᠠᠴᠠ ᠨᠡᠶᠢᠲᠡᠯᠢᠭ ᠴᠢᠨᠠᠷ ᠲᠠᠢ ᠶᠠᠷᠢᠶ᠎ᠠ ᠲᠠᠯᠪᠢᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠡᠯ᠎ᠡ ᠰᠢᠯᠭᠠᠨ ᠬᠡᠮᠵᠢᠬᠦ ᠪᠠᠶᠢᠭᠤᠯᠤᠮᠵᠢ᠂ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ ᠤᠨ ᠬᠤᠯᠪᠣᠭᠳᠠᠯ ᠪᠥᠬᠦᠢ ᠭᠠᠵᠠᠷ ᠠᠯᠪᠠᠨ ᠭᠡᠷ ᠲᠣᠪᠴᠢᠶ᠎ᠠ᠂ ᠲᠢᠩᠬᠢᠮ ᠤᠨ ᠬᠠᠷᠢᠶ᠎ᠠ | ᠬᠤᠯᠪᠤᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ᠂ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠪᠣᠯᠤᠨ ᠲᠠᠷᠢᠶᠠᠯᠠᠩ ᠮᠠᠯ ᠠᠵᠤ ᠠᠬᠤᠶ ᠶᠢᠨ | ᠲᠤᠪᠴᠢᠶ᠎ᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠪᠣᠯᠤᠨ ᠨᠥᠬᠦᠳ ᠥᠪᠡᠷᠲᠡᠭᠡᠨ ᠵᠠᠰᠠᠬᠤ ᠣᠷᠣᠨ ᠤ ᠭᠤᠣᠯ | ᠲᠠᠯᠠᠪᠠᠢ ᠶᠢᠨ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ᠂ ᠲᠦᠯᠦᠪᠯᠡᠭᠡ ᠳᠤ ᠠᠰᠳᠠᠭᠠᠨ ᠵᠢᠭᠰᠠᠭᠠᠭᠰᠠᠨ | ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶ᠎ᠠ ᠶᠢᠨ ᠳᠠᠷᠤᠭ᠎ᠠ᠂ ᠬᠠᠮᠢᠶ᠎ᠠ ᠪᠥᠬᠦᠢ ᠠᠵᠢᠯ ᠲᠥᠷᠥᠯ ᠢ | ᠬᠤᠪᠢᠳᠠᠨ ᠬᠠᠮᠢᠶᠠᠷᠬᠤ ᠲᠤᠪᠴᠢᠶ᠎ᠠ ᠶᠢᠨ ᠳᠠᠷᠤᠭ᠎ᠠ᠂ ᠬᠤᠯᠪᠣᠭᠳᠠᠯ ᠪᠦᠬᠦᠢ ᠰᠠᠯᠠᠭ᠎ᠠ ᠲᠡᠰᠤᠬ ᠪᠤᠯᠤᠨ ᠦᠷᠳᠡᠭᠡ | ᠭᠠᠵᠠᠷ ᠤᠨ ᠬᠠᠷᠢᠭᠤᠴᠠᠯᠭᠠᠲᠠᠨ᠂ ᠵᠢᠭᠠᠰᠤᠨ ᠠᠵᠤ ᠠᠬᠤᠶ ᠶᠢᠨ ᠭᠤᠤᠯᠴᠢᠯᠠᠨ ᠬᠠᠮᠢᠶᠠᠷᠬᠤ ᠲᠣᠪᠴᠢᠶ᠎ᠠ᠂ ᠪᠡᠶ᠎ᠡ ᠪᠠᠨ | ᠳᠠᠭᠠᠭᠠᠭᠰᠠᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠤᠳᠤᠷᠢᠳᠤᠯᠭ᠎ᠠ ᠪᠤᠯᠤᠨ | ᠨᠥᠬᠦᠳ᠂ ᠪᠠᠰᠠ ᠡᠯ᠎ᠡ ᠬᠢᠨᠠᠯᠲᠠ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠰᠢᠶᠠᠨ ᠤ ᠵᠠᠰᠠᠭ ᠤᠨ ᠣᠷᠳᠣᠨ᠂ | ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠤᠳᠤᠷᠢᠳᠤᠯᠭ᠎ᠠ ᠪᠤᠯᠤᠨ ᠨᠥᠬᠦᠳ ᠨᠠᠷ ᠬᠤᠪᠢᠶᠠᠷᠢ | ᠲᠠᠯᠠᠪᠠᠢ ᠶᠢᠨ ᠬᠤᠷᠠᠯ ᠳᠤ ᠤᠷᠤᠯᠴᠠᠪᠠ᠃ |