ᠨᠢᠳᠤᠨᠤᠨ ᠠᠴᠠ ᠨᠠᠰᠢ᠂ ᠣᠷᠳᠣᠰ ᠪᠣᠭᠤᠮᠲᠠ ︽ᠪᠣᠭᠤᠮᠲᠠ ᠪᠠᠷ ᠲᠦᠷᠭᠡᠨ ᠥᠩᠭᠡᠷᠡᠭᠦᠯᠬᠦ ᠶᠢ ᠠᠬᠢᠭᠤᠯᠬᠤ︾ | ︽ᠰᠠᠭᠠᠳ ᠦᠭᠡᠢ ᠨᠡᠪᠲᠡᠷᠡᠬᠦ ᠵᠠᠮ︾ ︽ᠶᠡᠭᠡ ᠣᠷᠴᠢᠨ ᠲᠤᠭᠤᠷᠢᠨ ᠢ ᠰᠢᠯᠢᠳᠡᠭᠵᠢᠭᠦᠯᠬᠦ︾ ᠵᠡᠷᠭᠡ | ᠥᠭᠡᠷᠡᠴᠢᠯᠡᠯᠲᠡ ᠶᠢᠨ ᠦᠢᠯᠡᠳᠦᠯᠡᠭᠡ ᠶᠢ ᠢᠳᠡᠪᠬᠢᠲᠡᠶ ᠬᠡᠷᠡᠭᠵᠢᠭᠦᠯᠵᠦ᠂ ᠪᠣᠭᠤᠮᠲᠠ ᠪᠠᠷ ᠦᠩᠭᠡᠷᠡᠬᠦ ᠠᠵᠤ | ᠠᠬᠤᠶᠢᠯᠠᠯ ᠤᠳ ᠢ ︽ᠳᠦᠷᠢᠮᠲᠦ ᠦᠢᠯᠡᠴᠢᠯᠡᠭᠡ︾ ᠪᠠᠷ ᠪᠤᠴᠠᠭᠠᠨ ᠠᠪᠴᠢᠷᠠᠵᠤ᠂ ᠮᠠᠨ ᠤ ᠬᠤᠳᠠ ᠶᠢᠨ ᠭᠠᠳᠠᠭᠠᠳᠤ | ᠠᠷᠠᠯᠵᠢᠶᠠᠨ ᠤ ᠲᠣᠭᠲᠠᠭᠤᠨ ᠨᠡᠮᠡᠭᠳᠡᠯ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠥᠬᠦ | ᠬᠦᠴᠦᠨ ᠢᠶᠠᠷ ᠢᠶᠠᠨ ᠲᠥᠯᠬᠢᠨ ᠠᠬᠢᠭᠤᠯᠪᠠ᠃ | ᠣᠷᠳᠣᠰ ᠪᠣᠭᠤᠮᠲᠠ ᠶᠢᠨ ᠬᠠᠷᠢᠶ᠎ᠠ ᠣᠷᠣᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠣᠨᠴᠠᠯᠢᠭ ᠪᠠ | ᠲᠡᠳᠡᠨ ᠤ ᠪᠤᠭᠤᠮᠲᠠ ᠰᠣᠩᠭᠤᠬᠤ ᠤᠯᠠᠮᠵᠢᠯᠠᠯᠲᠤ ᠵᠠᠩᠰᠢᠯ ᠢ ᠦᠨᠳᠦᠰᠦᠯᠡᠨ᠂ ︽ᠲᠤᠭᠤᠷᠢᠭ ᠬᠤᠭᠤᠷᠤᠨᠳᠤ ᠪᠠᠨ | ᠬᠠᠮᠲᠤᠷᠠᠨ ᠬᠥᠳᠡᠯᠦᠯᠴᠡᠬᠦ︾ ︽ᠭᠠᠶᠢᠯᠢ ᠬᠤᠷᠢᠶᠠᠩᠭᠤᠶᠢᠯᠠᠨ ᠲᠠᠲᠠᠪᠤᠷᠢᠯᠠᠬᠤ︾᠂ ︽ᠪᠠᠶᠢᠴᠠᠭᠠᠨ ᠰᠢᠯᠭᠠᠵᠤ | ᠰᠠᠯᠭᠠᠨ ᠲᠤᠬᠢᠷᠠᠭᠤᠯᠬᠤ︾ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠠᠪᠬᠤᠴᠠᠨ ᠬᠡᠷᠡᠭᠯᠡᠵᠦ᠂ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ︽ᠦᠷᠡᠵᠢᠭᠦᠯᠬᠦ ᠦᠢᠯᠡᠳᠦᠯ︾ ᠢ ᠪᠠᠳᠠᠷᠠᠭᠤᠯᠵᠤ᠂ ᠪᠣᠭᠤᠮᠲᠠ ᠪᠠᠷ ᠦᠩᠭᠡᠷᠡᠬᠦ | ᠠᠵᠤ ᠠᠬᠤᠶᠢᠯᠠᠯ ᠤᠳ ᠢ ︽ᠳᠦᠷᠢᠮᠲᠦ ᠦᠢᠯᠡᠴᠢᠯᠡᠭᠡ︾ ᠪᠠᠷ ᠪᠤᠴᠠᠭᠠᠨ ᠠᠪᠴᠢᠷᠠᠪᠠ᠃ ᠪᠦᠷᠢᠳᠬᠡᠯ ᠢ | ᠦᠨᠳᠦᠰᠦᠯᠡᠪᠡᠯ᠂ ᠣᠷᠣᠨ ᠪᠦᠰᠡ ᠶᠢᠨ ᠪᠣᠭᠤᠮᠲᠠ ᠥᠩᠭᠡᠷᠡᠬᠦ᠂ ᠴᠠᠭᠠᠰᠤ ᠬᠡᠷᠡᠭᠯᠡᠬᠦ ᠦᠬᠡᠢ ᠨᠡᠪᠲᠡᠷᠡᠬᠦ᠂ | ᠬᠤᠭᠤᠴᠠᠭ᠎ᠠ ᠬᠤᠪᠢᠶᠠᠨ ᠭᠠᠶᠢᠯᠢ ᠲᠤᠰᠢᠶᠠᠬᠤ ᠵᠡᠷᠭᠡ ᠠᠯᠢ ᠣᠯᠠᠨ ᠠᠷᠠᠯᠵᠢᠶ᠎ᠠ ᠶᠢᠨ ᠳᠦᠬᠦᠮᠴᠢᠯᠡᠭᠰᠡᠨ ᠠᠷᠭ᠎ᠠ | ᠬᠡᠮᠵᠢᠶ᠎ᠡ ᠶᠢ ᠬᠡᠷᠡᠭᠵᠢᠭᠦᠯᠦᠭᠰᠡᠨ ᠠᠴᠠ ᠨᠠᠰᠢ᠂ ᠣᠷᠳᠣᠰ ᠪᠣᠭᠤᠮᠲᠠ12 ᠠᠵᠤ ᠠᠬᠤᠶᠢᠯᠠᠯ ᠤᠨ ᠪᠣᠭᠤᠮᠲᠠ | ᠮᠡᠳᠡᠭᠦᠯᠦᠯᠲᠡ ᠶᠢ ᠪᠤᠴᠠᠭᠠᠨ ᠢᠷᠡᠭᠦᠯᠵᠦ᠂ ᠬᠠᠷᠢᠶ᠎ᠠ ᠭᠠᠵᠠᠷ ᠤᠨ ᠪᠣᠭᠤᠮᠲᠠ ᠪᠠᠷ ᠦᠩᠭᠡᠷᠡᠬᠦ ᠠᠵᠤ ᠠᠬᠤᠶᠢᠯᠠᠯ ᠤᠨ | ᠲᠤᠭ᠎ᠠ 70.6% ᠨᠡᠮᠡᠭᠳᠡᠪᠡ᠃ ᠵᠥᠪᠬᠡᠨ ᠡᠨᠡ ᠵᠢᠯ ᠤᠨ 1— 2 ᠳ᠋ᠤᠭᠠᠷ ᠰᠠᠷ᠎ᠠ ᠳᠤ᠂ ᠲᠤᠰ ᠬᠢᠯᠢ ᠶᠢᠨ | ᠪᠣᠭᠤᠮᠲᠠ ᠨᠢ ᠲᠤᠬᠠᠶ ᠶᠢᠨ ᠭᠠᠵᠠᠷ ᠤᠨ ᠪᠣᠭᠤᠮᠲᠠ ᠳᠤ ᠮᠡᠳᠡᠭᠦᠯᠬᠦ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ190% ᠨᠡᠮᠡᠭᠳᠡᠵᠦ᠂ ᠭᠤᠣᠯ ᠨᠡᠮᠡᠭᠳᠡᠯ ᠤᠨ ᠡᠬᠢ ᠰᠤᠷᠪᠤᠯᠵᠢ ᠨᠢ ᠤᠤᠯ ᠤᠨ | ᠪᠡᠭᠡᠵᠢᠩ ᠤᠨ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠪᠣᠭᠤᠮᠲᠠ᠂ ᠱᠠᠩᠬᠠᠶ ᠶᠢᠨ ᠫᠦ᠋ᠳᠦ᠋ᠩ ᠨᠢᠰᠬᠡᠯ ᠤᠨ | ᠪᠠᠭᠤᠳᠠᠯ ᠤᠨ ᠪᠣᠭᠤᠮᠲᠠ ᠳᠤ ᠮᠡᠳᠡᠭᠦᠯᠬᠦ ᠪᠠᠷᠠᠭ᠎ᠠ ᠨᠤᠭᠤᠳ ᠪᠤᠴᠠᠨ ᠢᠷᠡᠵᠦ᠂ ᠶᠡᠷᠦᠩᠬᠡᠶ ᠪᠠᠷᠠᠭᠠᠨ ᠤ ᠦᠷᠳᠡᠭ ᠨᠢ | 470 ᠲᠦᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠪᠣᠭᠤᠮᠲᠠ ᠳᠤ ᠮᠡᠳᠡᠭᠦᠯᠬᠦ ᠪᠠᠷᠠᠭ᠎ᠠ ᠶᠢᠨ ᠶᠡᠷᠦᠩᠬᠡᠶ ᠦᠷᠳᠡᠭ | ᠠᠳᠠᠯᠢ ᠬᠤᠭᠤᠴᠠᠭᠠᠨ ᠤ ᠭᠤᠷᠪᠠᠨ ᠤ ᠨᠢᠭᠡ ᠶᠢ ᠡᠵᠡᠯᠡᠵᠡᠶ᠃ |