ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠺᠣᠮᠢᠰ ᠤᠨ ᠠᠯᠪᠠᠨ ᠭᠡᠷ ᠤᠨ ᠠᠵᠢᠯᠳᠠᠨ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2016/3/2
     ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠺᠣᠮᠢᠰ ᠤᠨ ᠠᠯᠪᠠᠨ ᠭᠡᠷ ︵ᠵᠠᠰᠠᠭ ᠤᠨ ᠣᠷᠳᠣᠨ ᠤ ᠪᠠᠶᠢᠩᠭᠤ ᠶᠢᠨ ᠪᠤᠰᠤ ᠪᠠᠶᠢᠭᠤᠯᠤᠮᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠲᠤ ᠠᠯᠪᠠᠯᠠᠨ᠎ᠠ︶ ᠨᠡᠶᠢᠭᠡᠮ ᠨᠡᠶᠢᠲᠡ ᠠᠴᠠ ᠢᠯᠡ ᠪᠠᠷ ᠠᠵᠢᠯᠳᠠᠨ ᠡᠯᠰᠡᠨ᠎ᠠ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠪᠠ᠄      ᠨᠢᠭᠡ᠂ ᠡᠯᠰᠡᠬᠦ ᠵᠠᠷᠴᠢᠮ      ᠢᠯᠡ᠂ ᠡᠷᠬᠡ ᠲᠡᠭᠰᠢ᠂ ᠥᠷᠢᠰᠥᠯᠳᠦᠬᠦ᠂ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠨ᠎ᠠ᠂ ᠪᠢᠴᠢᠭ ᠢᠶᠠᠷ ᠰᠢᠯᠭᠠᠬᠤ ᠪᠠ ᠨᠢᠭᠤᠷᠲᠠᠨ ᠰᠢᠯᠭᠠᠬᠤ ᠠᠷᠭ᠎ᠠ ᠶᠢ ᠠᠪᠤᠨ᠎ᠠ᠃      ᠬᠤᠶᠠᠷ᠂ ᠡᠯᠰᠡᠬᠦ ᠨᠥᠬᠦᠴᠡᠯ            1. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷᠢᠶ᠎ᠠ ᠲᠠᠢ ᠪᠠᠶᠢᠬᠤ︔      2. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠬᠦ︔      3. ᠭᠤᠴᠢᠨ ᠲᠠᠪᠤᠨ ᠨᠠᠰᠤ ᠠᠴᠠ ᠳᠤᠷᠤᠭᠰᠢ ︵1979 ᠣᠨ ᠤ 12 ᠳ᠋ᠤᠭᠠᠷ ᠰᠠᠷ᠎ᠠ ᠶᠢᠨ 10᠎ ᠤ ᠡᠳᠦᠷ ᠎ ᠠᠴᠠ  ᠬᠤᠶᠢᠰᠢ ᠲᠦᠷᠦᠭᠰᠡᠨ︶ ᠪᠠᠶᠢᠬᠤ︔      4. ᠰᠢᠯᠢᠳᠡᠭ ᠰᠠᠶᠢᠨ ᠶᠣᠰᠣ ᠮᠣᠷᠠᠯ ᠲᠠᠢ ᠪᠠᠶᠢᠬᠤ︔      5. ᠡᠷᠡᠭᠦᠯ ᠴᠢᠭᠢᠷᠠᠭ ᠪᠡᠶ᠎ᠡ ᠮᠠᠬᠠᠪᠣᠳ ᠲᠠᠢ ᠪᠠᠶᠢᠬᠤ︔      6. ᠬᠠᠤᠯᠢ ᠶᠢᠨ ᠤᠬᠠᠭᠠᠨ ᠤ ᠵᠢᠩᠬᠢᠨᠢ ᠠᠩᠬᠢ ︵ᠪᠦᠬᠦᠯᠢ ᠡᠳᠦᠷ ᠤᠨ ᠳᠦᠷᠢᠮᠲᠦ︶᠎ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠪᠠᠶᠢᠬᠤ︔      7. ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ ᠪᠤᠶᠤ ᠠᠵᠢᠯ ᠤᠨ ᠥᠩᠭᠡᠷᠡᠯᠲᠡ ᠲᠠᠢ ᠪᠠᠶᠢᠭᠰᠠᠨ ᠢ ᠡᠩ ᠲᠡᠷᠢᠭᠦᠨ ᠳᠤ ᠡᠯᠰᠡᠨ᠎ᠡ᠃            ᠭᠤᠷᠪᠠ᠂ ᠡᠯᠰᠡᠬᠦ ᠬᠥᠮᠦᠨ ᠤ ᠲᠤᠭ᠎ᠠ            ᠡᠨᠡ ᠤᠳᠠᠭ᠎ᠠ 2 ᠠᠵᠢᠯᠳᠠᠨ ᠡᠯᠰᠡᠨ᠎ᠠ᠃      ᠲᠦᠷᠪᠡ᠂ ᠡᠯᠰᠡᠬᠦ ᠳᠡᠰ ᠳᠠᠷᠠᠭ᠎ᠠ      ︵ᠨᠢᠭᠡ︶ ᠠᠯᠪᠠᠨ ᠵᠠᠷ ᠨᠡᠶᠢᠲᠡᠯᠡᠨ᠎ᠠ            ᠥᠪᠥᠷ ᠮᠣᠩᠭᠤᠯ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠰᠦᠯᠵᠢᠶ᠎ᠡ ︵http://www.nmfzb.gov.cn/︶ ᠳᠡᠭᠡᠷ᠎ᠡ ᠠᠵᠢᠯᠲᠠᠨ ᠡᠯᠰᠡᠬᠦ ᠠᠯᠪᠠᠨ ᠵᠠᠷ ᠨᠡᠶᠢᠲᠡᠯᠡᠨ᠎ᠠ᠃      ︵ᠬᠤᠶᠠᠷ︶ ᠨᠡᠷ᠎ᠡ ᠮᠡᠳᠡᠭᠦᠯᠬᠦ ᠪᠠ ᠬᠢᠷᠢ ᠬᠡᠮ ᠤᠨ ᠠᠩᠬᠠᠨ ᠤ ᠬᠢᠨᠠᠯᠲᠠ          1. ᠨᠡᠷ᠎ᠡ ᠮᠡᠳᠡᠭᠦᠯᠬᠦ ᠴᠠᠭ᠄ 2016 ᠣᠨ ᠤ 2 ᠳ᠋ᠤᠭᠠᠷ ᠰᠠᠷ᠎ᠠ ᠶᠢᠨ 19᠎ ᠤ ᠡᠳᠦᠷ ᠠᠴᠠ 3 ᠳ᠋ᠤᠭᠠᠷ ᠰᠠᠷ᠎ᠠ ᠶᠢᠨ 4᠎ ᠤ ᠡᠳᠦᠷ ᠪᠣᠯᠲᠠᠯ᠎ᠠ ᠨᠡᠷ᠎ᠡ ᠮᠡᠳᠡᠭᠦᠯᠦᠨ᠎ᠡ᠃      2. ᠨᠡᠷ᠎ᠡ ᠮᠡᠳᠡᠭᠦᠯᠬᠦ ᠠᠷᠭ᠎ᠠ᠄ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠃      3. ᠨᠡᠷ᠎ᠡ ᠮᠡᠳᠡᠭᠦᠯᠬᠦ ᠱᠠᠭᠠᠷᠳᠠᠯᠭ᠎ᠠ᠄ ᠨᠡᠷ᠎ᠡ ᠮᠡᠳᠡᠭᠦᠯᠬᠦ ᠳᠤ ᠡᠷᠬᠡᠪᠰᠢ ᠲᠤᠰ ᠬᠥᠮᠦᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ᠂ ᠰᠤᠷᠭᠠᠭᠤᠯᠢ ᠲᠡᠭᠦᠰᠦᠭᠰᠡᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ᠂ ᠬᠢᠷᠢ ᠬᠡᠮ ᠤᠨ ᠦᠨᠡᠮᠯᠡᠯ ᠤᠨ ᠬᠠᠭᠤᠯᠪᠤᠷᠢ᠂ ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠲᠠᠩᠰᠠᠯᠠᠵᠦ ᠪᠦᠷᠢᠳᠬᠡᠬᠦ ᠡᠯᠧᠺᠲᠷᠣᠨ ᠬᠦᠰᠦᠨᠦᠭᠲᠦ ᠪᠤᠶᠤ ᠳᠤᠮᠳᠠᠳᠤ ᠤᠯᠤᠰ ᠤᠨ ᠶᠡᠭᠡ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ᠂ ᠬᠠᠮᠢᠶ᠎ᠠ ᠪᠦᠬᠦᠢ ᠠᠵᠢᠯ ᠤᠨ ᠥᠩᠭᠡᠷᠡᠯᠲᠡ ᠶᠢᠨ ᠭᠡᠷᠡᠴᠢᠯᠡᠯᠲᠡ ᠵᠢᠴᠢ ᠤᠶᠢᠷ᠎ᠡ ᠶᠢᠨ ᠬᠤᠭᠤᠴᠠᠭᠠᠨ ᠤ 1ᠢᠮᠠᠬᠤ ᠲᠥᠪ ᠰᠡᠭᠦᠳᠡᠷ ︵ᠡᠯᠧᠺᠲᠷᠣᠨ ᠬᠡᠪᠯᠡᠯ︶ ᠬᠠᠩᠭᠠᠨ᠎ᠡ᠂ ᠬᠠᠮᠢᠶ᠎ᠠ ᠪᠦᠭᠦᠢ ᠮᠠᠲ᠋ᠧᠷᠢᠶᠠᠯ ᠢ ᠰᠢᠷᠪᠢᠯᠲᠡ ᠬᠢᠭᠰᠡᠨ ᠤ ᠳᠠᠷᠠᠭ᠎ᠠ 35190142@qq.com ᠬᠠᠶᠢᠷᠴᠠᠭ ᠲᠤ ᠶᠠᠪᠤᠭᠤᠯᠬᠤ ᠬᠡᠷᠡᠭᠲᠡᠢ᠃      ︵ᠭᠤᠷᠪᠠ︶ ᠰᠢᠯᠭᠠᠯᠲᠠ      ᠪᠢᠷ ᠤᠨ ᠰᠢᠯᠭᠠᠯᠲᠠ ᠶᠢᠨ ᠴᠠᠭ᠄ ᠠᠰ ᠲᠤᠨᠢ ᠮᠡᠳᠡᠭᠳᠡᠨ᠎ᠡ᠃      ᠰᠢᠯᠭᠠᠯᠲᠠ ᠶᠢᠨ ᠬᠢᠴᠢᠶᠡᠯ ᠲᠥᠷᠥᠯ ᠨᠢ ᠬᠠᠤᠯᠢ ᠶᠢᠨ ᠤᠬᠠᠭᠠᠨ ᠤ ᠲᠤᠰᠬᠠᠶ ᠮᠡᠷᠭᠡᠵᠢᠯ ᠤᠨ ᠮᠡᠳᠡᠯᠭᠡ ᠪᠣᠯᠣᠨ᠎ᠠ᠃ ᠨᠥᠬᠦᠴᠡᠯ ᠳᠤ ᠨᠡᠶᠢᠴᠡᠭᠰᠡᠨ ᠪᠦᠬᠦᠨ ᠪᠢᠷ ᠤᠨ ᠰᠢᠯᠭᠠᠯᠲᠠ ᠳᠤ ᠣᠷᠣᠯᠴᠠᠵᠤ ᠪᠣᠯᠤᠨ᠎ᠠ᠂  ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠᠷ ᠳᠠᠷᠠᠭᠠᠯᠠᠨ ᠵᠢᠭᠰᠠᠭᠠᠵᠤ᠂ ᠡᠮᠦᠨ᠎ᠡ ᠬᠤᠷᠢᠨ ᠨᠡᠷᠡᠰ ᠢ ᠬᠢᠷᠢ ᠬᠡᠮ ᠢ ᠨᠢ ᠳᠠᠬᠢᠨ ᠬᠢᠨᠠᠬᠤ ᠬᠡᠪᠴᠢᠶᠡᠨ ᠳᠤ ᠣᠷᠣᠭᠤᠯᠤᠨ᠎ᠠ︔ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠠᠳᠠᠯᠢ ᠪᠣᠯ ᠬᠠᠮᠲᠤ ᠳᠤᠨᠢ ᠬᠢᠷᠢ ᠬᠡᠮ ᠢ ᠨᠢ ᠳᠠᠬᠢᠨ ᠬᠢᠨᠠᠬᠤ ᠳᠤ ᠣᠷᠣᠭᠤᠯᠤᠨ᠎ᠠ᠃      ︵ᠲᠦᠷᠪᠡ︶ ᠬᠢᠷᠢ ᠬᠡᠮ ᠢ ᠨᠢ ᠳᠠᠬᠢᠨ ᠬᠢᠨᠠᠬᠤ ᠵᠢᠴᠢ ᠨᠢᠭᠤᠷᠲᠠᠨ ᠰᠢᠯᠭᠠᠬᠤ      ᠬᠢᠷᠢ ᠬᠡᠮ ᠢ ᠨᠢ ᠳᠠᠬᠢᠨ ᠬᠢᠨᠠᠬᠤ ᠳᠤ ᠭᠤᠣᠯᠳᠠᠭᠤ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠨᠢ ᠦᠨᠡᠨ ᠪᠣᠳᠠᠲᠠᠶ ᠵᠥᠪ ᠣᠨᠣᠪᠴᠢᠲᠠᠶ ᠪᠠᠶᠢᠬᠤ ᠡᠰᠡᠬᠦ ᠶᠢ ᠬᠢᠨᠠᠨ ᠬᠠᠷᠭᠤᠭᠤᠯᠤᠨ᠎ᠠ᠃ ᠬᠢᠷᠢ ᠬᠡᠮ ᠢ ᠨᠢ ᠳᠠᠬᠢᠨ ᠬᠢᠨᠠᠬᠤ ᠳᠤ ᠣᠷᠣᠭᠰᠠᠨ ᠰᠢᠯᠭᠠᠭᠤᠯᠤᠭᠴᠢᠳ ᠲᠤᠰ ᠬᠥᠮᠦᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ  ᠂ ᠰᠤᠷᠭᠠᠭᠤᠯᠢ ᠲᠡᠭᠦᠰᠦᠭᠰᠡᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ᠂ ᠬᠢᠷᠢ ᠬᠡᠮ ᠤᠨ ᠦᠨᠡᠮᠯᠡᠯ᠂ ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ  ᠳᠠᠩᠰᠠᠯᠠᠵᠤ ᠪᠦᠷᠢᠳᠭᠡᠭᠰᠡᠨ ᠡᠯᠧᠺᠲᠷᠣᠨ ᠬᠦᠰᠦᠨᠦᠭᠲᠦ ᠪᠤᠶᠤ ᠳᠤᠮᠳᠠᠳᠤ ᠤᠯᠤᠰ ᠤᠨ ᠶᠡᠭᠡ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ᠂  ᠬᠠᠮᠢᠶ᠎ᠠ ᠪᠦᠬᠦᠢ ᠠᠵᠢᠯ ᠤᠨ ᠥᠩᠭᠡᠷᠡᠯᠲᠡ ᠶᠢᠨ ᠭᠡᠷᠡᠴᠢᠯᠡᠯ ᠤᠨ ᠡᠬᠡ ᠮᠠᠲ᠋ᠧᠷᠢᠶᠠᠯ ᠤᠳ ᠢ ᠬᠠᠩᠭᠠᠨ᠎ᠠ᠃ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠰᠠᠨ ᠪᠠᠶᠢᠪᠠᠯ ᠨᠢᠭᠤᠷᠳᠠᠨ ᠰᠢᠯᠭᠠᠬᠤ ᠬᠢᠷᠢ ᠬᠡᠮ ᠢ ᠨᠢ ᠴᠥᠮ ᠬᠦᠴᠦᠨ ᠤᠢᠭᠡᠢ ᠪᠣᠯᠭᠠᠬᠤ ᠶᠢᠨ ᠬᠠᠮᠲᠤ ᠰᠢᠯᠭᠠᠭᠤᠯᠤᠭᠴᠢᠳ ᠤᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠦᠨᠳᠦᠷ ᠠᠴᠠ ᠨᠢ ᠰᠤᠩᠭᠤᠬᠤ ᠳᠡᠰ ᠳᠠᠷᠠᠭ᠎ᠠ ᠪᠠᠷ ᠨᠥᠬᠦᠪᠦᠷᠢᠯᠡᠨ᠎ᠡ᠃       ᠨᠢᠭᠤᠷᠳᠠᠬᠤ ᠰᠢᠯᠭᠠᠯᠲᠠ ᠶᠢ ᠪᠦᠲᠦᠴᠡ ᠶᠢᠨ ᠬᠡᠯᠪᠡᠷᠢ ᠪᠠᠷ ᠨᠢᠭᠤᠷᠳᠠᠨ ᠰᠢᠯᠭᠠᠵᠤ᠂ ᠴᠠᠭ᠂ ᠭᠠᠵᠠᠷ ᠢ ᠠᠰ ᠲᠤᠨᠢ ᠮᠡᠳᠡᠭᠳᠡᠨ᠎ᠡ᠃       ᠶᠡᠷᠦᠩᠬᠡᠶ ᠬᠢᠷᠢ ᠪᠦᠲᠦᠮᠵᠢ =  ᠪᠢᠷ ᠤᠨ ᠰᠢᠯᠭᠠᠯᠲᠠ ᠶᠢᠨ ᠬᠢᠷᠢ ᠪᠦᠲᠦᠮᠵᠢ × 60% + ᠨᠢᠭᠤᠷᠲᠠᠨ ᠰᠢᠯᠭᠠᠭᠰᠠᠨ ᠬᠢᠷᠢ ᠪᠦᠲᠦᠮᠵᠢ × 40 %᠎ ᠪᠠᠷ ᠪᠤᠳᠤᠨ᠎ᠠ᠃      ︵ᠲᠠᠪᠤ︶ ᠪᠡᠶ᠎ᠡ ᠶᠢᠨ ᠪᠠᠶᠢᠴᠠᠭᠠᠯᠲᠠ      ⒈ ᠶᠡᠷᠦᠩᠬᠡᠶ ᠬᠢᠷᠢ ᠪᠦᠲᠦᠮᠵᠢ ᠶᠢ ᠨᠢ ᠦᠨᠳᠦᠰᠦᠯᠡᠨ᠂ ᠤᠷᠢᠨ ᠡᠯᠰᠡᠬᠦ ᠬᠥᠮᠦᠨ ᠤ ᠲᠡᠩᠴᠡᠭᠦᠦ ᠲᠤᠭ᠎ᠠ ᠎ ᠪᠠᠷ ᠬᠥᠮᠥᠨ ᠢᠶᠠᠨ ᠰᠤᠩᠭᠤᠵᠤ ᠪᠡᠶ᠎ᠡ ᠪᠠᠶᠢᠴᠠᠭᠠᠵᠤ ᠬᠢᠨᠠᠨ ᠰᠢᠯᠭᠠᠬᠤ ᠬᠡᠪᠴᠢᠶ᠎ᠡ ᠳᠤ ᠣᠷᠣᠭᠤᠯᠤᠨ᠎ᠠ᠃      ⒉ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠤᠯᠤᠰ ᠤᠨ ᠠᠯᠪᠠᠲᠠᠨ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠶᠣᠰᠣᠭᠠᠷ ᠶᠠᠪᠤᠭᠳᠠᠭᠤᠯᠤᠨ᠎ᠠ᠃      ⒊ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠬᠦ ᠦᠭᠡᠢ ᠬᠥᠮᠥᠨ ᠭᠠᠷᠪᠠᠯ ᠳᠡᠰ ᠳᠠᠷᠠᠭ᠎ᠠ ᠪᠠᠷ ᠨᠢ ᠬᠥᠮᠥᠨ ᠨᠥᠬᠦᠪᠦᠷᠢᠯᠡᠨ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠤᠯᠤᠨ᠎ᠠ᠂ ᠪᠡᠶ᠎ᠡ ᠶᠢᠨ ᠪᠠᠶᠢᠴᠠᠭᠠᠯᠲᠠ ᠶᠢᠨ ᠪᠣᠳᠠᠲᠠᠢ ᠴᠠᠭ᠂ ᠭᠠᠵᠠᠷ ᠢ ᠨᠢ ᠠᠰ ᠲᠤᠨᠢ ᠮᠡᠳᠡᠭᠳᠡᠵᠦ᠂ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ ᠢ ᠥᠪᠡᠷ ᠢᠶᠠᠨ ᠰᠢᠢᠳᠪᠦᠷᠢᠯᠡᠨ᠎ᠡ᠃      ︵ᠵᠢᠷᠭᠤᠭ᠎ᠠ︶ ᠬᠢᠨᠠᠨ ᠰᠢᠯᠭᠠᠬᠤ      ᠬᠢᠨᠠᠨ ᠰᠢᠯᠭᠠᠬᠤ ᠳᠤ ᠭᠤᠣᠯᠳᠠᠭᠤ ᠲᠤᠰ ᠬᠥᠮᠥᠨ ᠤ ᠤᠯᠤᠰ ᠲᠥᠷᠥ ᠦᠵᠡᠯ ᠰᠠᠨᠠᠭ᠎ᠠ᠂ ᠶᠣᠰᠣ ᠮᠣᠷᠠᠯ ᠵᠠᠩ ᠴᠢᠨᠠᠷ᠂ ᠲᠤᠬᠠᠶᠢᠯᠠᠭᠰᠠᠨ ᠠᠵᠢᠯ ᠤᠨ ᠴᠢᠳᠠᠪᠤᠷᠢ᠂ ᠠᠵᠢᠯ ᠤᠨ ᠪᠣᠳᠠᠲᠤ ᠠᠮᠵᠢᠯᠲᠠ ᠵᠢᠴᠢ ᠬᠤᠪᠢ ᠬᠥᠮᠦᠨ ᠤ ᠬᠠᠮᠢᠶ᠎ᠠ ᠪᠦᠬᠦᠢ ᠢᠲᠡᠭᠡᠮᠵᠢ ᠵᠡᠷᠭᠡ ᠪᠠᠶᠢᠳᠠᠯ ᠢ ᠬᠢᠨᠠᠨ ᠪᠠᠶᠢᠴᠠᠭᠠᠨ᠎ᠠ᠃ ᠬᠢᠨᠠᠨ ᠰᠢᠯᠭᠠᠬᠤ ᠳᠤ ᠬᠢᠷᠢ ᠲᠡᠩᠴᠡᠭᠰᠡᠨ ᠤᠢᠭᠡᠢ ᠬᠥᠮᠥᠨ ᠭᠠᠷᠪᠠᠯ ᠶᠡᠷᠦᠩᠬᠡᠶ ᠬᠢᠷᠢ ᠪᠦᠲᠦᠮᠵᠢ ᠶᠢᠨ ᠥᠨᠳᠥᠷ ᠠᠴᠠ ᠰᠤᠩᠭᠤᠬᠤ ᠳᠡᠰ ᠳᠠᠷᠠᠭ᠎ᠠ ᠪᠠᠷ ᠨᠢ ᠨᠥᠬᠦᠪᠥᠷᠢᠯᠡᠨ᠎ᠡ᠃      ︵ᠳᠣᠯᠤᠭ᠎ᠠ︶ ᠨᠡᠶᠢᠲᠡᠯᠡᠨ ᠵᠠᠷᠯᠠᠬᠤ       ᠪᠢᠷ ᠤᠨ ᠰᠢᠯᠭᠠᠯᠲᠠ᠂ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠬᠢᠨᠠᠨ ᠰᠢᠯᠭᠠᠬᠤ ᠵᠡᠷᠭᠡ ᠡᠯ᠎ᠡ ᠱᠠᠲᠤᠨ ᠤ ᠠᠵᠢᠯ ᠳᠠᠭᠤᠰᠤᠭᠰᠠᠨ ᠤ ᠲᠠᠷᠠᠭ᠎ᠠ᠂ ᠦᠷ᠎ᠡ ᠳ᠋ᠦᠩ ᠢ ᠨᠢ ᠥᠪᠥᠷ ᠮᠣᠩᠭᠤᠯ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠰᠦᠯᠵᠢᠶᠡᠨ ᠳᠡᠭᠡᠷ᠎ᠡ ᠨᠡᠶᠢᠲᠡᠯᠡᠨ ᠵᠠᠷᠯᠠᠬᠤ ᠶᠢᠨ ᠬᠠᠮᠲᠤ ᠰᠢᠯᠭᠠᠭᠤᠯᠤᠭᠴᠢᠳ ᠤᠨ ᠯᠠᠪᠯᠠᠭ᠎ᠠ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠬᠦᠯᠢᠶᠡᠨ᠎ᠡ᠃      ᠲᠠᠪᠤ᠂ ᠤᠷᠢᠵᠤ ᠬᠡᠷᠡᠭᠯᠡᠬᠦ ᠶᠢ ᠬᠢᠨᠠᠨ ᠵᠥᠪᠰᠢᠶᠡᠷᠡᠬᠦ      ᠤᠷᠢᠨ ᠬᠡᠷᠡᠭᠯᠡᠬᠦ ᠬᠥᠮᠥᠰ ᠎ ᠢ 6  ᠰᠠᠷ᠎ᠠ ᠶᠢᠨ ᠬᠤᠭᠤᠴᠠᠭ᠎ᠠ ᠪᠠᠷ ᠲᠤᠷᠰᠢᠨ ᠬᠡᠷᠡᠭᠯᠡᠨ᠎ᠡ᠃ ᠲᠤᠷᠰᠢᠨ ᠬᠡᠷᠡᠭᠯᠡᠬᠦ ᠬᠤᠭᠤᠴᠠᠭᠠᠨ ᠳᠤ᠂ ᠠᠵᠢᠯᠳᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠤᠷᠢᠭᠳᠠᠨ ᠬᠡᠷᠡᠭᠯᠡᠭᠳᠡᠭᠰᠡᠳ ᠢ ᠦᠨᠡᠯᠡᠨ ᠲᠣᠭᠲᠠᠭᠠᠵᠤ᠂ ᠦᠨᠡᠯᠡᠨ ᠲᠣᠭᠲᠠᠭᠠᠯᠲᠠ ᠪᠠᠷ ᠳᠠᠮᠵᠢᠭᠠᠳ ᠠᠵᠢᠯ ᠬᠢᠵᠦ ᠳᠡᠶᠢᠯᠬᠦ ᠦᠭᠡᠢ ᠭᠡᠵᠦ ᠦᠵᠡᠭᠰᠡᠨ ᠬᠥᠮᠥᠨ ᠢ ᠠᠶᠠᠨᠳᠠᠭᠠᠨ ᠠᠵᠢᠯ ᠠᠴᠠ ᠨᠢ ᠪᠠᠭᠤᠯᠭᠠᠨ᠎ᠠ᠃ ᠨᠡᠶᠢᠲᠡᠯᠡᠨ ᠵᠠᠷᠯᠠᠬᠤ᠂ ᠲᠤᠷᠰᠢᠨ ᠬᠡᠷᠡᠭᠯᠡᠬᠦ ᠬᠤᠭᠤᠴᠠᠭᠠᠨ ᠤ ᠱᠠᠲᠤᠨ ᠳᠤ ᠬᠥᠮᠥᠨ ᠤ ᠲᠤᠭ᠎ᠠ ᠬᠦᠷᠬᠦ ᠦᠭᠡᠢ ᠪᠠᠶᠢᠪᠠᠯ᠂ ᠪᠡᠶ᠎ᠡ ᠶᠢᠨ ᠪᠠᠶᠢᠴᠠᠭᠠᠯᠲᠠ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠬᠥᠮᠦᠰ ᠤᠨ ᠬᠡᠪᠴᠢᠶᠡᠨ ᠲᠣᠲᠣᠷ᠎ᠠ ᠠᠴᠠ ᠰᠢᠯᠢᠳᠡᠭ ᠢ ᠨᠢ ᠰᠣᠩᠭᠤᠨ ᠨᠥᠬᠦᠪᠦᠷᠢᠯᠡᠬᠦ ᠶᠢᠨ ᠬᠠᠮᠲᠤ ᠨᠡᠶᠢᠲᠡᠯᠡᠨ ᠵᠠᠷᠯᠠᠬᠤ ᠪᠠ ᠠᠵᠢᠯ ᠤᠨ ᠪᠠᠶᠢᠷᠢ ᠶᠢ ᠬᠢᠨᠠᠨ ᠲᠣᠭᠲᠠᠭᠠᠨ᠎ᠠ᠃      ᠵᠢᠷᠭᠤᠭ᠎ᠠ᠂  ᠤᠷᠢᠨ ᠬᠡᠷᠡᠭᠯᠡᠭᠰᠡᠨ ᠠᠵᠢᠯᠳᠠᠨ ᠤ ᠬᠦᠯᠦᠰᠦ ᠣᠯᠭᠤᠮᠵᠢ      ᠣᠷᠢᠨ ᠬᠡᠷᠡᠭᠯᠡᠭᠳᠡᠭᠰᠡᠳ ᠤᠨ ᠴᠠᠯᠢᠩ ᠢ ᠰᠠᠷ᠎ᠠ ᠪᠦᠷᠢ ᠣᠯᠭᠤᠵᠤ᠂ ᠲᠤᠷᠰᠢᠨ ᠬᠡᠷᠡᠭᠯᠡᠬᠦ ᠬᠤᠭᠤᠴᠠᠭᠠᠨ ᠳᠠᠬᠢ ᠴᠠᠯᠢᠩ ᠨᠢ 2000 ᠲᠥᠭᠦᠷᠢᠭ/ᠰᠠᠷ᠎ᠠ ᠪᠣᠯᠤᠨ᠎ᠠ᠃ ᠵᠢᠩᠬᠢᠨᠢ ᠪᠠᠷ ᠭᠡᠷ᠎ᠡ ᠲᠣᠭᠲᠠᠭᠰᠠᠨ ᠤ ᠲᠠᠷᠠᠭ᠎ᠠ 2500 ᠲᠥᠭᠦᠷᠢᠭ / ᠰᠠᠷ᠎ᠠ ᠪᠣᠯᠵᠤ᠂ ᠤᠷᠢᠨ ᠬᠡᠷᠡᠭᠯᠡᠭᠳᠡᠭᠰᠡᠳ ᠲᠤ ᠬᠥᠮᠦᠨ ᠬᠡᠷᠡᠭᠯᠡᠬᠦ ᠨᠢᠭᠡᠴᠡ ᠠᠴᠠ ᠲᠤᠰᠢᠶᠠᠬᠤ ᠬᠡᠰᠡᠭ ᠨᠡᠶᠢᠭᠡᠮ ᠤᠨ ᠳᠠᠭᠠᠳᠬᠠᠯ ᠢ ᠨᠢ ᠬᠤᠭᠤᠴᠠᠭ᠎ᠠ ᠶᠤᠰᠤᠭᠠᠷ ᠲᠤᠰᠢᠶᠠᠵᠤ ᠥᠭᠭᠦᠨ᠎ᠡ᠃      ᠬᠠᠷᠢᠯᠴᠠᠬᠤ ᠬᠥᠮᠦᠨ᠄ ᠵᠣᠣ ᠸᠧᠶ ᠭᠠᠩ      ᠬᠠᠷᠢᠯᠴᠠᠬᠤ ᠤᠲᠠᠰᠤ᠄ 0471- 4824182                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ                       ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ                                2016 ᠣᠨ ᠤ 2 ᠳ᠋ᠤᠭᠠᠷ ᠰᠠᠷ᠎ᠠ ᠶᠢᠨ 18᠎ ᠤ ᠡᠳᠦᠷ
 
ᠢᠷᠡᠯᠲᠡ᠄ ᠠᠣᠬᠠᠨ ᠬᠤᠰᠢᠭᠤᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号