︽ᠳᠤᠮᠳᠠᠳᠤ ᠤᠯᠤᠰ ᠲᠠᠭᠠᠨ ᠬᠤᠪᠢ ᠨᠡᠮᠡᠵᠦ᠂ ᠥᠪᠥᠷ ᠮᠣᠩᠭᠤᠯ ᠳᠠᠭᠠᠨ ᠭᠡᠷᠡᠯ ᠭᠢᠯᠪᠠᠭ᠎ᠠ ᠨᠡᠮᠡᠷᠢᠯᠡᠬᠦ︾ ᠪᠣᠯᠪᠠᠰᠤᠨ ᠵᠢᠭᠤᠯᠴᠢᠯᠠᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠵᠢᠴᠢ 2016 ᠣᠨ ᠤ ᠪᠦᠬᠦ ᠤᠯᠤᠰ ᠤᠨ ᠪᠣᠯᠪᠠᠰᠤᠨ ᠵᠢᠭᠤᠯᠴᠢᠯᠠᠭᠴᠢ ᠡᠯᠰᠡᠬᠦ ᠠᠵᠢᠯᠯᠠᠭ᠎ᠠ ᠶᠢ ᠡᠬᠢᠯᠡᠭᠦᠯᠬᠦ ᠶᠣᠰᠣᠯᠠᠯ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2016/3/21
           ᠪᠣᠯᠪᠠᠰᠤᠨ ᠵᠢᠭᠤᠯᠴᠢᠯᠠᠯ ᠢ ᠡᠷᠬᠢᠮᠯᠡᠬᠦ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠪᠣᠯᠪᠠᠰᠤᠨ ᠵᠢᠭᠤᠯᠴᠢᠯᠠᠯ ᠤᠨ ᠤᠬᠠᠭᠤᠯᠥᠨ ᠵᠢᠯᠣᠭᠤᠳᠬᠤ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠶᠢᠨ ᠳᠤᠰᠠᠳᠠ᠂ ᠤᠯᠤᠰ ᠤᠨ ᠵᠢᠭᠤᠯᠴᠢᠯᠠᠯ ᠤᠨ ᠲᠣᠪᠴᠢᠶ᠎ᠠ ᠠᠴᠠ ︽ᠳᠤᠮᠳᠠᠳᠤ ᠤᠯᠤᠰ ᠲᠠᠭᠠᠨ ᠬᠤᠪᠢ ᠨᠡᠮᠡᠬᠦ︾ ᠪᠣᠯᠪᠠᠰᠤᠨ ᠵᠢᠭᠤᠯᠴᠢᠯᠠᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠵᠢᠴᠢ 2016 ᠣᠨ ᠤ ᠲᠦᠮᠡᠨ ᠪᠣᠯᠪᠠᠰᠤᠨ ᠵᠢᠭᠤᠯᠴᠢᠯᠠᠭᠴᠢ ᠡᠯᠰᠡᠬᠦ ᠠᠵᠢᠯᠯᠠᠭ᠎ᠠ ᠶᠢ ᠥᠷᠨᠢᠭᠦᠯᠪᠡ᠃      ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠤᠷᠢᠶᠠᠯᠠᠭ᠎ᠠ ᠶᠢ ᠴᠤᠤᠷᠢᠶᠠᠳᠤᠨ ᠬᠥᠬᠡᠬᠤᠲᠠ ᠶᠢᠨ ᠵᠢᠭᠤᠯᠴᠢᠯᠠᠯ ᠤᠨ ᠲᠣᠪᠴᠢᠶ᠎ᠠ ᠪᠠ ᠢᠦᠢ ᠴᠢᠤᠸᠠᠨ ᠲᠣᠭᠤᠷᠢᠭ ᠤᠨ ᠵᠢᠭᠤᠯᠴᠢᠯᠠᠯ ᠤᠨ ᠲᠣᠪᠴᠢᠶ᠎ᠠ ᠲᠠᠢ ᠬᠠᠮᠲᠤᠷᠠᠨ 3 ᠳ᠋ᠤᠭᠠᠷ ᠰᠠᠷ᠎ᠠ ᠶᠢᠨ 19᠎ ᠤ ᠡᠳᠦᠷ ᠬᠥᠬᠡᠬᠤᠲᠠ ᠶᠢᠨ ᠶᠡᠭᠡ ᠵᠤᠤ ᠰᠦᠮ᠎ᠡ ᠶᠢᠨ ᠠᠭᠤᠳᠠᠮ ᠲᠠᠯᠠᠪᠠᠶ ᠳᠤ ︽ᠳᠤᠮᠳᠠᠳᠤ ᠤᠯᠤᠰ ᠲᠠᠭᠠᠨ ᠬᠤᠪᠢ ᠨᠡᠮᠡᠵᠦ᠂ ᠥᠪᠥᠷ ᠮᠣᠩᠭᠤᠯ ᠳᠠᠭᠠᠨ ᠭᠡᠷᠡᠯ ᠭᠢᠯᠪᠠᠭ᠎ᠠ ᠨᠡᠮᠡᠷᠢᠯᠡᠬᠦ︾ ᠪᠣᠯᠪᠠᠰᠤᠨ ᠵᠢᠭᠤᠯᠴᠢᠯᠠᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠵᠢᠴᠢ 2016 ᠣᠨ ᠤ ᠪᠦᠬᠦ ᠤᠯᠤᠰ ᠤᠨ ᠪᠣᠯᠪᠠᠰᠤᠨ ᠵᠢᠭᠤᠯᠴᠢᠯᠠᠭᠴᠢ ᠡᠯᠰᠡᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠶᠠᠪᠤᠭᠤᠯᠪᠠ᠃      ᠲᠤᠰ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠭᠤᠣᠯᠯᠠᠨ ᠡᠷᠭᠢᠯᠡᠵᠦ᠂ ᠬᠥᠬᠡᠬᠤᠲᠠ ᠶᠢᠨ ᠵᠢᠭᠤᠯᠴᠢᠯᠠᠯ ᠤᠨ ᠲᠣᠪᠴᠢᠶ᠎ᠠ ᠪᠠ ᠢᠦᠢ ᠴᠢᠤᠸᠠᠨ ᠲᠣᠭᠤᠷᠢᠭ ᠤᠨ ᠵᠢᠭᠤᠯᠴᠢᠯᠠᠯ ᠤᠨ ᠲᠣᠪᠴᠢᠶ᠎ᠠ ᠳᠠᠭᠠᠭᠠᠨ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠤᠪᠴᠢᠶᠠᠨ ᠳᠠᠷᠤᠭ᠎ᠠ ᠭᠦᠸᠧ ᠯᠢ ᠫᠢᠩ᠂ ᠬᠥᠬᠡᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠭᠤᠷᠢᠨ ᠪᠠᠶᠢᠴᠠᠭᠠᠭᠴᠢ ᠯᠢᠦ ᠮᠢᠨ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠭᠠᠵᠠᠷ᠂ ᠬᠥᠬᠡᠬᠤᠲᠠ ᠶᠢᠨ ᠵᠢᠭᠤᠯᠴᠢᠯᠠᠯ ᠤᠨ ᠲᠣᠪᠴᠢᠶ᠎ᠠ ᠪᠠ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠵᠢᠭᠤᠯᠴᠢᠯᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号