︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ︿13.5﹀᠎ ᠶᠢᠨ ᠲᠥᠯᠥᠪᠵᠢᠭᠦᠯᠭᠡ︾ ︵ᠲᠥᠰᠦᠯ︶᠎ ᠶᠢᠨ ᠲᠤᠰᠬᠠᠶ ᠮᠡᠷᠭᠡᠵᠢᠯᠲᠡᠨ ᠤ ᠨᠤᠲᠠᠯᠠᠯᠲᠠ ᠬᠢᠬᠦ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/3/21
     3 ᠳ᠋ᠤᠭᠠᠷ ᠰᠠᠷ᠎ᠠ ᠶᠢᠨ 18᠎ ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ︿13.5﹀᠎ ᠶᠢᠨ ᠲᠥᠯᠥᠪᠵᠢᠭᠦᠯᠭᠡ︾ ︵ᠲᠥᠰᠦᠯ︶᠎ ᠶᠢᠨ ᠲᠤᠰᠬᠠᠶ ᠮᠡᠷᠭᠡᠵᠢᠯᠲᠡᠨ ᠤ ᠨᠤᠲᠠᠯᠠᠯᠲᠠ ᠬᠢᠬᠦ ᠬᠤᠷᠠᠯ ᠬᠤᠷᠠᠯᠳᠤᠭᠤᠯᠪᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠵᠢᠭᠤᠯᠴᠢᠯᠠᠯ ᠤᠨ ᠲᠣᠪᠴᠢᠶ᠎ᠠ᠂ ᠨᠠᠮ ᠤᠨ ᠰᠤᠷᠭᠠᠭᠤᠯᠢ᠂ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ᠂ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠢᠴᠢ ᠬᠠᠮᠢᠶ᠎ᠠ ᠪᠥᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ᠂ ᠲᠤᠰᠬᠠᠶ ᠮᠡᠷᠭᠡᠵᠢᠯᠲᠡᠨ ᠨᠠᠷ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠡᠦ ᠭᠠᠩ ᠬᠤᠷᠠᠯ ᠡᠷᠭᠢᠯᠡᠪᠡ᠃      ᠬᠤᠷᠠᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ︿13.5﹀᠎ ᠶᠢᠨ ᠲᠥᠯᠥᠪᠵᠢᠭᠦᠯᠭᠡ︾ ︵ᠲᠥᠰᠦᠯ︶᠎ ᠳᠤ ᠵᠠᠰᠠᠪᠤᠷᠢ ᠣᠷᠣᠭᠤᠯᠬᠤ ᠣᠨᠣᠪᠴᠢᠲᠠᠢ ᠰᠠᠨᠠᠯ ᠪᠣᠯᠣᠨ ᠰᠠᠨᠠᠭᠤᠯᠭ᠎ᠠ ᠳᠤᠷᠠᠳᠤᠭᠰᠠᠨ ᠪᠥᠭᠡᠳ ᠵᠠᠰᠠᠪᠤᠷᠢ ᠣᠷᠣᠭᠤᠯᠬᠤ ᠰᠠᠨᠠᠯ ᠢ ᠢᠳᠡᠪᠬᠢᠲᠡᠢ ᠪᠠᠷ ᠵᠠᠳᠠᠯᠤᠨ ᠨᠣᠳ᠋ᠯᠠᠭᠰᠠᠨ ᠪᠠᠶᠢᠨ᠎ᠠ᠃      ᠡᠴᠦᠰ ᠲᠤ᠂ ᠳᠡᠳ᠋ ᠳᠠᠷᠤᠭ᠎ᠠ ᠡᠦ ᠭᠠᠩ ᠠᠴᠠ ᠲᠤᠰᠬᠠᠶ ᠮᠡᠷᠭᠡᠵᠢᠯᠲᠡᠳ ᠡᠷᠳᠡᠮᠲᠡᠳ ᠤᠨ ᠲᠦᠢᠯ ᠤᠨ ᠶᠠᠭᠠᠷᠠᠤ ᠪᠠᠶᠢᠭᠠᠳ ᠪᠠᠰᠠ ᠵᠠᠪ ᠴᠢᠯᠦᠭᠡ ᠭᠠᠷᠭᠠᠨ ᠲᠥᠰᠦᠯ ᠤᠨ ᠵᠠᠰᠠᠯᠲᠠ ᠳᠤ ᠣᠷᠣᠯᠴᠠᠭᠰᠠᠨ ᠳᠤ ᠲᠠᠯᠠᠷᠬᠠᠯ ᠢᠶᠠᠨ ᠢᠯᠡᠳᠬᠡᠵᠦ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠥᠮᠦᠰ ᠤᠨ ᠲᠥᠰᠥᠯ ᠤᠨ ᠠᠭᠤᠯᠭ᠎ᠠ ᠶᠢ ᠲᠡᠭᠦᠯᠳᠡᠷᠵᠢᠭᠦᠯᠬᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠤᠯᠤᠰ ᠤᠨ ︽13.5︾᠎ ᠶᠢᠨ ᠲᠥᠯᠥᠪᠵᠢᠭᠦᠯᠭᠡ ᠶᠢᠨ ᠬᠥᠲᠥᠯᠪᠦᠷᠢ ᠲᠠᠢ ᠬᠢᠨᠠᠮᠠᠭᠠᠢ ᠬᠠᠷᠭᠤᠭᠤᠯᠬᠤ ᠶᠢ ᠴᠢᠬᠤᠯᠠᠴᠢᠯᠠᠵᠤ᠂ ᠡᠯ᠎ᠡ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠳᠠᠬᠢᠨ ᠵᠠᠰᠠᠪᠤᠷᠢ ᠣᠷᠣᠭᠤᠯᠤᠨ᠂ ᠳᠠᠬᠢᠨ ᠪᠣᠯᠪᠠᠰᠤᠷᠠᠭᠤᠯᠵᠤ᠂ ᠳᠠᠭᠢᠵᠤ ᠲᠡᠭᠦᠯᠳᠡᠷᠵᠢᠭᠦᠯᠬᠦ ᠬᠡᠷᠡᠭᠲᠡᠢ ᠭᠡᠵᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号