ᠦᠪᠡᠷᠲᠡᠭᠡᠨ ᠵᠠᠰᠠᠬᠤ ᠤᠷᠤᠨ ᠤ ᠮᠦᠡᠭᠭᠦᠨ ᠬᠦᠢᠯᠭᠡᠭᠡᠨ ᠤ ᠠᠯᠪᠠᠨ ᠬᠡᠷ ᠪᠦᠬᠦ ᠤᠷᠤᠨ ᠤ ᠠᠶᠢᠮᠠᠭ ᠬᠤᠲᠠ ᠶᠢᠨ ᠮᠦᠡᠭᠭᠦᠨ ᠬᠦᠢᠯᠭᠡᠭᠡᠨ ᠤ ᠠᠯᠪᠠᠨ ᠬᠡᠷ ᠤᠨ ᠡᠷᠬᠢᠯᠡᠭᠴᠢ ᠨᠠᠷ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ 2016 ᠤᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2016/3/21
 
     ᠪᠦᠬᠦ ᠤᠷᠤᠨ ᠤ ᠮᠦᠡᠭᠭᠦᠨ ᠬᠦᠢᠯᠭᠡᠭᠡᠨ ᠤ ᠠᠵᠢᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠯᠠᠳᠠ᠂ 2016 ᠤᠨ ᠤ 3 ᠳ᠋ᠤᠭᠠᠷ ᠰᠠᠷ᠎ᠠ ᠶᠢᠨ 14᠎ ᠤ ᠡᠳᠦᠷ᠂  ᠤᠯᠠᠭᠠᠨᠴᠠᠪ ᠬᠤᠲᠠ ᠳᠤ ᠪᠦᠬᠦ ᠤᠷᠤᠨ ᠤ ᠠᠶᠢᠮᠠᠭ ᠬᠤᠲᠠ ᠶᠢᠨ ᠮᠦᠡᠭᠭᠦᠨ ᠬᠦᠢᠯᠭᠡᠭᠡᠨ ᠤ ᠠᠯᠪᠠᠨ ᠬᠡᠷ ᠤᠨ ᠡᠷᠬᠢᠯᠡᠭᠴᠢ ᠨᠠᠷ ᠤᠨ ᠬᠤᠷᠠᠯ ᠬᠤᠷᠠᠯᠳᠤᠵᠤ᠂  ᠦᠪᠡᠷᠲᠡᠭᠡᠨ ᠵᠠᠰᠠᠬᠤ ᠤᠷᠤᠨ ᠤ ᠮᠦᠡᠭᠭᠦᠨ ᠬᠦᠢᠯᠭᠡᠭᠡᠨ ᠤ ᠠᠯᠪᠠᠨ ᠭᠡᠷ ᠤᠨ ᠡᠷᠬᠢᠯᠡᠭᠴᠢ ᠵᠢᠶᠠᠩ ᠬᠤᠸᠠ ᠬᠤᠷᠠᠯ ᠡᠷᠬᠢᠯᠡᠵᠤ᠂ ᠡᠯ᠎ᠡ ᠠᠶᠢᠮᠠᠭ ᠬᠤᠲᠠ ᠶᠢᠨ ᠮᠦᠡᠭᠭᠦᠨ ᠬᠦᠢᠯᠭᠡᠭᠡᠨ ᠤ ᠠᠯᠪᠠᠨ ᠭᠡᠷ ᠤᠨ ᠡᠷᠬᠢᠯᠡᠭᠴᠢ ᠪᠤᠯᠤᠨ ᠦᠪᠡᠷᠲᠡᠭᠡᠨ ᠵᠠᠰᠠᠬᠤ ᠤᠷᠤᠨ ᠤ ᠮᠦᠡᠭᠭᠦᠨ ᠬᠦᠢᠯᠭᠡᠭᠡᠨ ᠤ ᠠᠯᠪᠠᠨ ᠬᠡᠷ ᠤᠨ ᠬᠤᠯᠪᠤᠭᠳᠠᠯ ᠪᠦᠬᠦᠢ ᠭᠠᠵᠠᠷ ᠭᠡᠷ ᠤᠨ ᠬᠠᠷᠢᠭᠤᠴᠠᠯᠭᠠᠲᠠᠳ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ ᠡᠯ᠎ᠡ ᠠᠶᠢᠮᠠᠭ ᠬᠤᠲᠠ ᠶᠢᠨ ᠮᠦᠡᠭᠭᠦᠨ ᠬᠦᠢᠯᠭᠡᠭᠡᠨ ᠤ ᠠᠯᠪᠠᠨ ᠭᠡᠷ ᠤᠨ ᠡᠷᠬᠢᠯᠡᠭᠴᠢ ᠨᠠᠷ ᠦᠪᠡᠷᠲᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠪᠠᠨ ᠳᠦᠷᠪᠡᠳᠦᠭᠡᠷ ᠤᠳᠠᠭᠠᠨ ᠤ ᠪᠦᠬᠦ ᠬᠡᠰᠢᠬᠦᠳ ᠤᠨ ᠬᠤᠷᠠᠯ ᠪᠤᠯᠤᠨ ᠪᠦᠬᠦ ᠤᠷᠤᠨ ᠤ ᠮᠦᠡᠭᠭᠦᠨ ᠬᠦᠢᠯᠭᠡᠭᠡᠨ ᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠲᠠᠢ ᠤᠶᠠᠯᠳᠤᠭᠤᠯᠤᠨ᠂ 2016 ᠤᠨ ᠤ ᠡᠯ᠎ᠡ ᠠᠶᠢᠮᠠᠭ ᠬᠤᠲᠠ ᠶᠢᠨ ᠮᠦᠡᠭᠭᠦᠨ ᠬᠦᠢᠯᠭᠡᠭᠡᠨ ᠤ ᠦᠢᠯᠡᠰ ᠤᠨ  ᠬᠦᠭᠵᠢᠯᠲᠡ ᠶᠢᠨ ᠬᠠᠷᠠᠯᠲᠠ ᠪᠤᠯᠤᠨ ᠡᠬᠦᠷᠭᠡ ᠶᠢᠨ ᠲᠤᠬᠠᠢ ᠶᠠᠷᠢᠶ᠎ᠠ ᠲᠠᠯᠪᠢᠪᠠ︔ ︽ᠦᠪᠡᠷᠲᠡᠭᠡᠨ ᠵᠠᠰᠠᠬᠤ ᠤᠷᠤᠨ ᠤ ᠮᠦᠡᠭᠭᠦᠨ ᠬᠦᠢᠯᠭᠡᠭᠡ ᠪᠠᠷ ᠰᠢᠶᠠᠨ ᠤ ᠬᠡᠪᠴᠢᠶᠠᠨ ᠤ ᠠᠵᠤ ᠠᠬᠤᠢ ᠶᠢᠨ ᠬᠦᠭᠵᠢᠯᠲᠡ ᠶᠢ ᠳᠡᠮᠵᠢᠬᠦ ᠢᠨᠵᠧᠨᠧᠷᠢᠩ ᠤᠨ ᠵᠢᠯᠤᠭᠤᠳᠬᠤ ᠰᠠᠨᠠᠯ ︵ ᠰᠠᠨᠠᠯ ᠬᠤᠷᠢᠶᠠᠬᠤ ᠨᠤᠤᠷᠠᠭ︶︾ ᠪᠤᠯᠤᠨ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠦᠡᠭᠭᠦᠨ ᠬᠦᠢᠯᠭᠡᠭᠡᠨ ᠢᠶᠠᠷ ᠶᠠᠳᠠᠭᠤ ᠶᠢ ᠲᠡᠳᠭᠦᠭᠦ ᠠᠵᠢᠯᠯᠠᠭ᠎ᠠ ᠶᠢᠨ ᠲᠦᠯᠦᠪᠯᠡᠭᠡ ︵ᠰᠠᠨᠠᠯ ᠬᠤᠷᠢᠶᠠᠬᠤ ᠨᠤᠤᠷᠠᠭ︶︾᠎ ᠶᠢ ᠶᠠᠷᠢᠯᠴᠠᠪᠠ᠃  ᠡᠷᠬᠢᠯᠡᠭᠴᠢ ᠵᠢᠶᠠᠩ ᠬᠤᠸᠠ ᠳ᠋ᠦᠡᠭᠨᠡᠯᠲᠡ ᠶᠢᠨ ᠶᠠᠷᠢᠶ᠎ᠠ ᠲᠠᠯᠪᠢᠵᠠᠢ᠃      ᠡᠷᠬᠢᠯᠡᠭᠴᠢ ᠵᠢᠶᠠᠩ ᠬᠤᠸᠠ ᠱᠠᠭᠠᠷᠳᠠᠭᠰᠠᠨ ᠨᠢ᠂  ᠡᠯ᠎ᠡ ᠠᠶᠢᠮᠠᠭ ᠬᠤᠲᠠ ᠶᠢᠨ ᠮᠦᠡᠭᠭᠦᠨ ᠬᠦᠢᠯᠭᠡᠭᠡᠨ ᠤ ᠠᠯᠪᠠᠨ ᠬᠡᠷ ᠤᠳ ᠦᠵᠡᠯ ᠰᠠᠨᠠᠭ᠎ᠠ ᠪᠠᠨ ᠨᠢᠭᠡᠳᠭᠡᠵᠤ᠂  ᠲᠠᠨᠢᠯᠲᠠ ᠪᠠᠨ ᠳᠡᠭᠡᠭᠰᠢᠯᠡᠬᠦᠯᠵᠤ᠂ 2016 ᠤᠨ ᠤ ᠮᠦᠡᠭᠭᠦᠨ ᠬᠦᠢᠯᠭᠡᠭᠡᠨ ᠤ ᠠᠵᠢᠯ ᠳᠤ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠪᠤᠯᠤᠨ ᠮᠦᠡᠭᠭᠦᠨ ᠬᠦᠢᠯᠭᠡᠭᠡᠨ ᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ︽ᠰᠢᠨ᠎ᠡ ᠶᠢ ᠡᠭᠦᠳᠬᠦ  ᠂ ᠵᠤᠬᠢᠴᠠᠭᠤᠯᠬᠤ᠂ ᠪᠤᠬᠢᠷᠳᠤᠯ ᠦᠭᠡᠢ ᠪᠠᠶᠢᠯᠭᠠᠬᠤ᠂ ᠨᠡᠭᠡᠭᠡᠯᠲᠡ ᠬᠢᠬᠦ᠂ ᠬᠠᠮᠲᠤ ᠪᠠᠷ ᠬᠦᠷᠲᠡᠭᠦ ︾ ᠬᠦᠭᠵᠢᠯᠲᠡ ᠶᠢᠨ ᠤᠨᠤᠯᠵᠢᠬᠤᠨ ᠢ ᠪᠠᠷᠢᠮᠲᠠᠯᠠᠵᠤ᠂ ᠠᠵᠢᠯ ᠤᠨ ᠭᠤᠤᠯᠳᠠᠯᠭ᠎ᠠ ᠪᠠᠨ 7 ᠲᠤᠮᠤ ᠡᠬᠦᠷᠭᠡ ᠳᠡᠭᠡᠷ᠎ᠡ ᠲᠦᠪᠯᠡᠷᠡᠬᠦᠯᠬᠦ ᠬᠡᠷᠡᠭᠲᠠᠢ᠃ ᠨᠢᠭᠡ ᠳᠤ᠂  ᠪᠡᠯᠡ ᠲᠤᠬᠢᠷᠠᠭᠤᠯᠭ᠎ᠠ ᠶᠢᠨ ᠲᠦᠰᠦᠯ ᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠠᠢ︔  ᠬᠤᠶᠠᠷ ᠲᠤ᠂ ᠮᠦᠡᠭᠭᠦᠨ ᠬᠦᠯᠭᠡᠭᠡᠨ ᠤ ᠦᠢᠯᠡᠰ ᠤᠨ ︽13·5︾᠎ ᠶᠢᠨ ᠲᠦᠯᠦᠪᠵᠢᠬᠦᠯᠭᠡ ᠶᠢ ᠰᠠᠶᠢᠲᠤᠷ ᠨᠠᠶᠢᠷᠠᠭᠤᠯᠬᠤ ᠬᠡᠷᠡᠭᠲᠠᠢ︔ ᠭᠤᠷᠪᠠ ᠳᠤ᠂ ᠴᠢᠳᠠᠮᠵᠢ ᠲᠡᠭᠦᠯᠳᠡᠷᠵᠢᠭᠰᠡᠨ ᠮᠦᠡᠭᠭᠦᠨ ᠬᠦᠢᠯᠭᠡᠭᠡᠨ ᠤ ᠰᠢᠰᠲ᠋ᠧᠮᠵᠢ ᠶᠢ ᠪᠦᠷᠢᠨᠰᠢᠬᠦᠯᠬᠦ ᠬᠡᠷᠡᠭᠲᠠᠢ︔ ᠳᠦᠷᠪᠡ ᠳᠤ᠂ ᠮᠦᠡᠭᠭᠦᠨ ᠬᠦᠢᠯᠭᠡᠭᠡᠨ ᠤ ᠠᠵᠢᠯ ᠤᠨ ᠵᠤᠬᠢᠴᠠᠩᠭᠤᠢ ᠲᠤᠭᠲᠠᠴᠠ ᠶᠢ ᠪᠠᠶᠢᠭᠤᠯᠬᠤ ᠬᠡᠷᠡᠭᠲᠠᠢ︔ ᠲᠠᠪᠤ ᠳᠤ᠂ ᠮᠦᠡᠭᠭᠦᠨ ᠬᠦᠢᠯᠭᠡᠭᠡᠨ ᠤ ᠲᠦᠭᠰᠢᠬᠦᠷᠢ ᠶᠢ ᠰᠡᠷᠬᠡᠶᠢᠯᠡᠬᠦ ᠬᠡᠷᠡᠮ ᠢ ᠪᠠᠶᠢᠭᠤᠯᠬᠤ ᠬᠡᠷᠡᠭᠲᠠᠢ︔ ᠵᠢᠷᠭᠤᠭ᠎ᠠ ᠳᠤ᠂  ᠰᠢᠶᠠᠨ ᠤ ᠬᠡᠪᠴᠢᠶᠠᠨ ᠤ ᠮᠦᠡᠭᠭᠦᠨ ᠬᠦᠢᠯᠭᠡᠭᠡ᠂  ᠮᠦᠡᠭᠭᠦᠨ ᠬᠦᠢᠯᠭᠡᠭᠡ ᠪᠠᠷ ᠠᠳᠠᠯ ᠦᠢᠯᠡᠰ ᠴᠤᠭᠴᠠᠯᠠᠬᠤ ᠰᠢᠨ᠎ᠡ ᠶᠢ ᠡᠬᠦᠳᠬᠦ ᠶᠢ ᠲᠡᠳᠬᠦᠬᠦ᠂  ᠮᠦᠡᠭᠭᠦᠨ ᠬᠦᠢᠯᠭᠡᠭᠡ ᠪᠠᠷ ᠠᠷᠪᠠ ᠶᠢ ᠪᠦᠷᠢᠨ ᠪᠦᠷᠬᠦᠬᠦᠯᠬᠦ ᠶᠢ ᠳᠡᠮᠵᠢᠬᠦ ︽ᠭᠤᠷᠪᠠᠨ ᠮᠦᠡᠭᠭᠦᠨ ᠬᠦᠢᠯᠭᠡᠭᠡᠨ ᠤ ᠢᠨᠵᠧᠨᠧᠷᠢᠩ︾᠎ ᠢ ᠰᠠᠶᠢᠲᠤᠷ ᠬᠡᠷᠡᠭᠵᠢᠬᠦᠯᠬᠦ ᠬᠡᠷᠡᠭᠲᠠᠢ︔ ᠳᠤᠯᠤᠭ᠎ᠠ ᠳᠤ᠂ ᠮᠦᠡᠭᠭᠦᠨ ᠬᠦᠢᠯᠭᠡᠭᠡ ᠪᠠᠷ ᠶᠠᠳᠠᠭᠤ ᠶᠢ ᠲᠡᠳᠭᠦᠭᠦ ᠠᠵᠢᠯᠯᠠᠭ᠎ᠠ᠂ ᠠᠵᠤ ᠠᠬᠤᠶᠢᠯᠠᠯ ᠤᠨ ᠵᠠᠬ᠎ᠠ ᠳᠡᠯᠬᠡᠭᠦᠷ ᠲᠤ ᠭᠠᠷᠬᠤ ᠭᠤᠷᠪᠠᠨ ᠵᠢᠯ ᠤᠨ ᠠᠵᠢᠯᠯᠠᠭ᠎ᠠ᠂ ᠪᠡᠯᠡ ᠲᠤᠬᠢᠷᠠᠭᠤᠯᠭ᠎ᠠ ᠶᠢᠨ ᠪᠠᠲᠤᠯᠠᠭᠠᠨ ᠤ ᠠᠵᠢᠯ ᠲᠦᠷᠦᠯ ᠢ ᠬᠦᠭᠵᠢᠬᠦᠯᠬᠦ ︽ᠭᠤᠷᠪᠠᠨ ᠲᠦᠷᠦᠯ ᠤᠨ ᠠᠵᠢᠯᠯᠠᠭᠠᠨ ᠤ ᠲᠦᠯᠦᠪᠯᠡᠭᠡ︾᠎ ᠶᠢ ᠠᠬᠢᠭᠤᠯᠵᠤ᠂ 2016 ᠤᠨ ᠳᠤ  ᠵᠢᠭᠡᠯᠡᠯᠭᠡ ᠶᠢᠨ ᠮᠦᠡᠭᠭᠦ ᠶᠢ 2000 ᠳ᠋ᠦᠡᠭᠰᠢᠭᠤᠷ ᠲᠦᠭᠦᠷᠢᠭ ᠰᠢᠨ᠎ᠡ ᠪᠠᠷ ᠨᠡᠮᠡᠭᠳᠡᠬᠦᠯᠬᠦ ᠪᠠᠷ ᠴᠢᠷᠮᠠᠶᠢᠵᠤ ᠂ 1200 ᠳ᠋ᠦᠡᠭᠰᠢᠭᠤᠷ ᠲᠦᠭᠦᠷᠢᠭ ᠤᠨ ᠰᠢᠭᠤᠳ ᠪᠡᠯᠡ ᠲᠤᠬᠢᠷᠠᠭᠤᠯᠭ᠎ᠠ ᠶᠢᠨ ᠬᠠᠷᠠᠯᠲᠠ ᠶᠢ ᠪᠡᠶᠡᠯᠡᠬᠦᠯᠵᠤ᠂ ᠲᠦᠭᠰᠢᠬᠦᠷᠢ ᠲᠠᠢ ᠪᠡᠯᠡ ᠮᠦᠡᠭᠭᠦ ᠶᠢ ᠵᠠᠶᠢᠯᠠᠭᠤᠯᠬᠤ ᠪᠠᠷ ᠢᠳᠡᠪᠬᠢᠲᠠᠢ ᠬᠦᠲᠦᠯᠦᠨ ᠵᠢᠯᠤᠭᠤᠳᠴᠤ᠂ 2015 ᠤᠨ ᠤ ᠰᠠᠭᠤᠷᠢᠨ ᠳᠡᠭᠡᠷ᠎ᠡ ᠰᠢᠨ᠎ᠡ ᠰᠢᠪᠲᠤᠯᠤᠯᠲᠠ ᠶᠢ ᠪᠡᠶᠡᠯᠡᠬᠦᠯᠵᠤ᠂  ᠮᠠᠨ ᠤ ᠤᠷᠤᠨ ᠤ ᠮᠦᠡᠭᠭᠦᠨ ᠬᠦᠢᠯᠭᠡᠭᠡᠨ ᠤ ᠦᠢᠯᠡᠰ ᠤᠨ ᠦᠢᠯᠡᠴᠢᠯᠡᠭᠡᠨ ᠤ ᠭᠤᠤᠯ ᠴᠤᠭᠴᠠ ᠶᠢᠨ ᠠᠵᠤ ᠠᠬᠤᠢ ᠶᠢᠨ ᠴᠢᠳᠠᠮᠵᠢ ᠪᠤᠯᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠵᠤ᠂  ᠮᠠᠨ ᠤ ᠤᠷᠤᠨ ᠤ ᠠᠵᠤ ᠠᠬᠤᠢ ᠶᠢᠨ ᠬᠦᠭᠵᠢᠯᠲᠡ ᠳᠤ ᠤᠯᠠᠮ ᠶᠡᠭᠡ ᠬᠤᠪᠢ ᠨᠡᠮᠡᠷᠢ ᠦᠵᠡᠬᠦᠯᠬᠦ ᠬᠡᠷᠡᠭᠲᠠᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号