ᠷᠠᠰᠢᠶᠠᠨ ᠤ ᠤᠯᠤᠰ ᠤᠨ ᠤᠢ ᠰᠢᠭᠤᠶ ︵ᠭᠠᠵᠠᠷ ᠰᠢᠨᠵᠢᠯᠡᠭᠡ︶᠎ ᠶᠢᠨ ᠴᠡᠴᠡᠷᠯᠢᠭ ᠨᠢ ᠳᠤᠮᠳᠠᠳᠤ ᠤᠯᠤᠰ ᠤᠨ ︽ᠭᠡᠷᠡᠯ ᠵᠢᠷᠤᠭᠴᠢᠨ ᠤ ᠬᠠᠮᠤᠭ ᠠᠴᠠ ᠳᠤᠷᠠᠲᠠᠢ ᠵᠤᠭᠠᠴᠠᠯ ᠤᠨ ᠦᠵᠡᠮᠵᠢᠲᠦ ᠣᠷᠣᠨ︾ ᠭᠡᠬᠦ ᠴᠣᠯᠠ ᠶᠢ ᠬᠦᠷᠲᠡᠪᠡ
ᠨᠡᠶᠢᠲᠡᠯᠡᠭᠰᠡᠨ ᠴᠠᠭ᠄
2016/3/21
     ᠣᠶᠢᠷ᠎ᠠ ᠳᠤ᠂ ᠳᠤᠮᠳᠠᠳᠤ ᠤᠯᠤᠰ ᠤᠨ ᠭᠡᠷᠡᠯ ᠵᠢᠷᠤᠭᠴᠢᠨ ᠤ ᠨᠡᠶᠢᠭᠡᠮᠯᠢᠭ᠂ ᠱᠧᠨᠵᠧᠨ ᠬᠤᠲᠠ ᠶᠢᠨ ᠵᠤᠭᠠᠴᠠᠯ ᠤᠨ ᠨᠡᠶᠢᠭᠡᠮᠯᠢᠭ᠂ ᠳᠤᠮᠳᠠᠳᠤ ᠤᠯᠤᠰ ︵ᠱᠧᠨᠵᠧᠨ︶᠎ ᠤᠨ ᠣᠯᠠᠨ ᠤᠯᠤᠰ ᠤᠨ ᠵᠤᠭᠠᠴᠠᠯ ᠤᠨ ᠳᠡᠯᠭᠡᠨ ᠦᠵᠡᠭᠦᠯᠦᠯᠭᠡ᠂ ᠲᠤ ᠮᠣᠥ ᠵᠢᠷᠤᠭ ᠳᠦᠷᠰᠦ ᠶᠢᠨ ᠡᠭᠦᠯᠡ ᠨᠡᠶᠢᠭᠡᠮ ᠲᠣᠭᠤᠷᠢᠭ ᠤᠨ ᠬᠤᠯᠪᠤᠭᠠᠯᠠᠭᠰᠠᠨ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠯ ᠤᠨ ᠦᠵᠡᠮᠵᠢᠲᠦ ᠣᠷᠣᠨ᠂ ᠭᠡᠷᠡᠯ ᠵᠢᠷᠤᠭ ᠤᠨ ᠵᠣᠬᠢᠶᠠᠨ ᠪᠠᠶᠢᠭᠤᠯᠤᠯᠲᠠ ᠵᠢᠴᠢ ᠬᠠᠮᠢᠶ᠎ᠠ ᠪᠦᠬᠦᠢ ᠰᠢᠨ᠎ᠡ ᠵᠠᠭᠤᠴᠢᠯᠠᠭᠤᠷ ᠤᠨ ᠬᠠᠮᠲᠤᠷᠠᠨ ᠡᠷᠭᠢᠯᠡᠭᠰᠡᠨ 2015 ᠣᠨ ᠤ ᠵᠤᠭᠠᠴᠠᠯ ᠤᠨ ᠦᠵᠡᠮᠵᠢᠲᠦ ᠣᠷᠣᠨ ᠤ ᠭᠡᠷᠡᠯ ᠵᠢᠷᠤᠭ ᠤᠨ ᠬᠠᠮᠲᠤᠷᠠᠭᠰᠠᠨ ᠤᠷᠤᠯᠳᠤᠭᠠᠨ ᠳᠡᠭᠡᠷ᠎ᠡ᠂ ᠷᠠᠰᠢᠶᠠᠨ ᠤ ᠤᠯᠤᠰ ᠤᠨ ᠤᠢ ᠰᠢᠭᠤᠶ ︵ᠭᠠᠵᠠᠷ ᠰᠢᠨᠵᠢᠯᠡᠭᠡ︶᠎ ᠶᠢᠨ ᠴᠡᠴᠡᠷᠯᠢᠭ ᠲᠦᠷᠦᠭᠦᠨ ᠳᠤ ᠲᠣᠳᠤᠷᠠᠨ᠂ ︽ᠭᠡᠷᠡᠯ ᠵᠢᠷᠤᠭᠴᠢᠨ ᠤ ᠬᠠᠮᠤᠭ ᠠᠴᠠ ᠳᠤᠷᠠᠲᠠᠢ ᠵᠤᠭᠠᠴᠠᠯ ᠤᠨ ᠦᠵᠡᠮᠵᠢᠲᠦ ᠣᠷᠣᠨ︾ ᠭᠡᠬᠦ ᠴᠣᠯᠠ ᠶᠢ ᠬᠦᠷᠲᠡᠪᠡ᠃      ᠳᠤᠮᠳᠠᠳᠤ ᠤᠯᠤᠰ ᠤᠨ ᠭᠡᠷᠡᠯ ᠵᠢᠷᠤᠭᠴᠢᠨ ᠤ ᠨᠡᠶᠢᠭᠡᠮᠯᠢᠭ ᠨᠢ 2015 ᠣᠨ ᠤ ᠵᠤᠭᠠᠴᠠᠯ ᠤᠨ ᠦᠵᠡᠮᠵᠢᠲᠦ ᠣᠷᠣᠨ ᠤ ᠭᠡᠷᠡᠯ ᠵᠢᠷᠤᠭ ᠤᠨ ᠤᠷᠤᠯᠳᠤᠭᠠᠨ ᠢ ᠡᠷᠬᠢᠯᠡᠬᠦ ᠪᠠᠷ ᠳᠠᠮᠵᠢᠭᠤᠯᠤᠨ᠂ ᠰᠢᠨ᠎ᠡ ᠶᠢ ᠡᠭᠦᠳᠬᠦ ᠬᠡᠷᠡᠭᠯᠡᠭᠡᠨ ᠤ ᠰᠢᠯᠵᠢᠮᠡᠯ ᠬᠠᠷᠢᠯᠴᠠᠨ ᠬᠤᠯᠪᠣᠭᠰᠠᠨ ᠲᠤᠰᠬᠠᠶ ᠮᠡᠷᠭᠡᠵᠢᠯ ᠤᠨ ᠭᠡᠷᠡᠯ ᠵᠢᠷᠤᠭ ᠤᠨ ᠤᠷᠤᠯᠳᠤᠭᠠᠨ ᠤ ᠲᠠᠪᠴᠠᠩ ᠢ ᠬᠡᠷᠡᠭᠯᠡᠵᠦ᠂ ᠰᠢᠨ᠎ᠡ ᠵᠠᠭᠤᠴᠢᠯᠠᠭᠤᠷ ᠪᠠ ᠨᠡᠶᠢᠭᠡᠮᠯᠢᠭ ᠰᠦᠷᠦᠭᠵᠢᠯ ᠤᠨ ᠬᠤᠯᠪᠤᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ᠂ ᠤᠯᠤᠰ ᠤᠨ ᠳᠣᠲᠣᠭᠠᠳᠤ ᠠᠴᠠ ᠠᠪᠤᠭᠠᠳ ᠤᠯᠤᠰ ᠤᠨ ᠭᠠᠳᠠᠭᠠᠳᠤ᠂ ᠭᠠᠵᠠᠷ ᠳᠡᠭᠡᠷᠡᠬᠢ ᠠᠴᠠ ᠠᠪᠤᠭᠠᠳ ᠣᠭᠲᠠᠷᠭᠤᠢ ᠠᠴᠠ ᠰᠡᠭᠦᠳᠡᠷᠯᠡᠬᠦ ᠬᠦᠷᠲᠡᠯ᠎ᠡ᠂ ᠬᠡᠳᠦᠨ ᠵᠠᠭᠤᠨ ᠵᠤᠭᠠᠴᠠᠯ ᠤᠨ ᠦᠵᠡᠮᠵᠢᠲᠦ ᠣᠷᠣᠨ᠂ ᠭᠡᠷᠡᠯ ᠵᠢᠷᠤᠭ ᠤᠨ ᠵᠣᠬᠢᠶᠠᠨ ᠪᠠᠶᠢᠭᠤᠯᠤᠯᠲᠠ ᠶᠢᠨ ᠪᠠᠭ᠋ᠠᠷᠠᠯ ᠢ ᠲᠠᠲᠠᠨ ᠣᠷᠤᠯᠴᠠᠭᠤᠯᠤᠭᠰᠠᠨ ᠬᠡᠳᠦᠨ ᠮᠢᠩᠭᠠᠨ ᠵᠣᠬᠢᠶᠠᠭᠴᠢ ᠪᠦᠲᠦᠭᠡᠯ ᠢᠶᠠᠨ ᠢᠯᠡᠭᠡᠵᠦ᠂ ᠬᠠᠮᠤᠭ ᠰᠡᠬᠦᠯ ᠳᠤᠨᠢ ᠳᠤᠮᠳᠠᠳᠤ ᠤᠯᠤᠰ ᠤᠨ ᠭᠡᠷᠡᠯ ᠵᠢᠷᠤᠭᠴᠢᠨ ᠤ ᠨᠡᠶᠢᠭᠡᠮᠯᠢᠭ ᠲᠦᠷᠦᠭᠦᠯᠡᠨ᠂ ᠠᠯᠳᠠᠷᠲᠤ ᠭᠡᠷᠡᠯ ᠵᠢᠷᠤᠭᠴᠢᠨ ᠢᠶᠠᠷ ᠰᠢᠭᠦᠨ ᠦᠨᠡᠯᠡᠭᠴᠢ ᠶᠢᠨ ᠪᠦᠯᠬᠦᠮ ᠪᠣᠯᠭᠠᠵᠤ᠂ 2015 ᠣᠨ ᠤ ︽ᠭᠡᠷᠡᠯ ᠵᠢᠷᠤᠭᠴᠢᠨ ᠤ ᠬᠠᠮᠤᠭ ᠠᠴᠠ ᠳᠤᠷᠠᠲᠠᠢ ᠵᠤᠭᠠᠴᠠᠯ ᠤᠨ ᠦᠵᠡᠮᠵᠢᠲᠦ ᠣᠷᠣᠨ︾᠎ ᠢ ᠢᠯᠡ ᠎ ᠪᠠᠷ ᠰᠢᠯᠭᠠᠷᠠᠭᠤᠯᠪᠠ᠃      ᠤᠢᠢᠷ᠎ᠠ ᠶᠢᠨ ᠵᠢᠯ ᠤᠳ ᠲᠤ᠂ ᠷᠠᠰᠢᠶᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠷᠠᠰᠢᠶᠠᠨ ᠤ ᠤᠯᠤᠰ ᠤᠨ ᠤᠢ ᠰᠢᠭᠤᠶ ︵ᠭᠠᠵᠠᠷ ᠰᠢᠨᠵᠢᠯᠡᠭᠡ︶᠎ ᠶᠢᠨ ᠴᠡᠴᠡᠷᠯᠢᠭ ᠤᠨ ᠦᠵᠡᠮᠵᠢᠲᠦ ᠦᠵᠡᠮᠵᠢᠲᠦ ᠣᠷᠣᠨ ᠤ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠠᠭᠤᠷᠢ ᠪᠡᠯᠡᠳᠭᠡᠮᠵᠢ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠵᠤᠭᠠᠴᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠬᠦᠴᠦᠲᠡᠶ ᠠᠳᠬᠤᠨ᠂ ᠤᠬᠠᠭᠤᠯᠬᠤ ᠡᠵᠡᠩᠨᠡᠨ ᠪᠣᠷᠣᠯᠠᠭᠤᠯᠬᠤ ᠶᠢ ᠶᠡᠬᠡᠪᠡᠷ ᠥᠷᠨᠢᠭᠦᠯᠵᠦ᠂ 2000 ᠣᠨ ᠳᠤ ︽ᠤᠯᠤᠰ ᠤᠨ ᠤᠢ ᠰᠢᠭᠤᠶ ᠶᠢᠨ ᠴᠡᠴᠡᠷᠯᠢᠭ︾ ᠭᠡᠵᠦ ᠨᠡᠷᠡᠶᠢᠳᠦᠭᠳᠡᠨ᠂ 2004 ᠣᠨ ᠳᠤ ︽ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ︾ ᠭᠡᠵᠦ ᠨᠡᠷᠡᠶᠢᠳᠦᠭᠳᠡᠵᠦ᠂ 2008 ᠣᠨ ᠳᠤ ︽ᠤᠯᠤᠰ ᠤᠨ AAAA ᠳᠡᠰ ᠤᠨ ᠵᠤᠭᠠᠴᠠᠯ ᠤᠨ ᠦᠵᠡᠮᠵᠢᠲᠦ ᠣᠷᠣᠨ︾᠎ ᠢᠶᠠᠷ ᠦᠨᠡᠯᠡᠭᠳᠡᠭᠰᠡᠨ ᠪᠥᠭᠡᠳ ᠵᠠᠯᠭᠠᠯᠳᠤᠭ᠎ᠠ ᠪᠠᠷ ︽ᠤᠯᠤᠰ ᠤᠨ ᠠᠮᠢ ᠠᠬᠤᠶ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ︾᠂ ︽ᠪᠦᠬᠦ ᠤᠯᠤᠰ ᠤᠨ ᠬᠠᠮᠤᠭ ᠤᠨ ᠭᠤᠶᠤ ᠤᠢ ᠰᠢᠭᠤᠶ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ︾᠂ ︽ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ︾᠂ ︽ᠪᠦᠬᠦ ᠤᠯᠤᠰ ᠤᠨ ᠬᠠᠮᠤᠭ ᠤᠨ ᠶᠡᠭᠡ ᠨᠥᠯᠥᠭᠡᠯᠡᠬᠦ ᠬᠦᠴᠦᠨ ᠲᠠᠢ ᠤᠢ ᠰᠢᠭᠤᠶ ᠶᠢᠨ ᠴᠡᠴᠡᠷᠯᠢᠭ︾ ︽ᠳᠤᠮᠳᠠᠳᠤ ᠤᠯᠤᠰ ᠤᠨ ᠬᠠᠮᠤᠭ ᠤᠨ ᠭᠤᠶᠣ ᠤᠢ ᠰᠢᠭᠤᠶ ᠶᠢᠨ ᠵᠤᠭᠠᠴᠠᠯ ᠤᠨ ᠦᠵᠡᠮᠵᠢᠲᠦ ᠣᠷᠣᠨ︾ ᠵᠡᠷᠭᠡ ᠢᠷᠠᠭᠤ ᠠᠯᠳᠠᠷ ᠢ ᠣᠯᠪᠠ᠃ ᠷᠠᠰᠢᠶᠠᠨ ᠨᠢ ᠨᠢᠭᠡᠨᠲᠡ ᠥᠪᠥᠷ ᠮᠣᠩᠭᠤᠯ ᠤᠨ ᠵᠡᠭᠦᠨ ᠬᠡᠰᠡᠭ ᠲᠡᠷᠡᠴᠢᠯᠡᠨ ᠪᠦᠬᠦ ᠤᠯᠤᠰ ᠤᠨ ᠬᠠᠮᠤᠭ ᠤᠨ ᠣᠨᠴᠠᠯᠢᠭᠲᠤ ᠵᠤᠭᠠᠴᠠᠯ ᠤᠨ ᠭᠠᠵᠠᠷ ᠤᠨ ᠨᠢᠭᠡ ᠨᠢ ᠪᠣᠯᠤᠭᠰᠠᠨ ᠪᠠᠶᠢᠨ᠎ᠠ᠃      ᠡᠨᠡ ᠤᠳᠠᠭᠠᠨ ᠤ ᠰᠢᠯᠭᠠᠷᠠᠭᠤᠯᠬᠤ ᠠᠵᠢᠯᠯᠠᠭ᠎ᠠ ᠳᠤᠮᠳᠠ᠂ ᠷᠠᠰᠢᠶᠠᠨ ᠤ ᠤᠯᠤᠰ ᠤᠨ ᠤᠢ ᠰᠢᠭᠤᠶ ︵ᠭᠠᠵᠠᠷ ᠰᠢᠨᠵᠢᠯᠡᠭᠡ︶᠎ ᠶᠢᠨ ᠴᠡᠴᠡᠷᠯᠢᠭ ᠲᠤ ᠰᠡᠭᠦᠳᠡᠷᠯᠡᠭᠰᠡᠨ ᠭᠡᠷᠡᠯ ᠵᠢᠷᠤᠭ ᠤᠳ ᠨᠢ ᠬᠡᠳᠦᠨ ᠵᠠᠭᠤᠨ ᠰᠣᠨᠢᠨ ᠮᠡᠳᠡᠭᠡᠨ ᠤ ᠵᠠᠭᠤᠴᠢᠯᠠᠭᠤᠷ᠂ ᠭᠡᠷᠡᠯ ᠵᠢᠷᠤᠭ ᠤᠨ ᠵᠣᠬᠢᠶᠠᠨ ᠪᠠᠶᠢᠭᠤᠯᠤᠯᠲᠠ ᠶᠢᠨ ᠠᠩᠬᠠᠷᠤᠯ ᠢ ᠲᠠᠲᠠᠵᠤ᠂ ᠬᠡᠳᠦᠨ ᠮᠢᠩᠭᠠᠨ ᠵᠣᠬᠢᠶᠠᠭᠴᠢ ᠪᠦᠲᠦᠭᠡᠯ ᠢᠶᠠᠨ ᠢᠯᠡᠭᠡᠨ᠂ ᠬᠡᠳᠦᠨ ᠲᠦᠮᠡᠨ ᠵᠤᠭᠠᠴᠠᠯ ᠤᠨ ᠭᠡᠷᠡᠯ ᠵᠢᠷᠤᠭ ᠤᠨ ᠪᠠᠭ᠋ᠠᠳᠠᠨ ᠣᠷᠤᠯᠴᠠᠪᠠ᠃ ᠳᠤᠮᠳᠠᠳᠤ ᠤᠯᠤᠰ ᠤᠨ ᠭᠡᠷᠡᠯ ᠵᠢᠷᠤᠭᠴᠢᠨ ᠤ ᠨᠡᠶᠢᠭᠡᠮᠯᠢᠭ ᠢᠶᠠᠷ ᠲᠥᠯᠥᠭᠡᠯᠡᠭᠦᠯᠦᠭᠰᠡᠨ ᠰᠢᠯᠭᠠᠷᠠᠭᠤᠯᠬᠤ ᠺᠣᠮᠢᠰ ᠤᠨ ᠰᠠᠨᠠᠯ ᠨᠢᠭᠡᠲᠡᠶ ᠦᠵᠡᠭᠰᠡᠨ ᠨᠢ᠂ ᠷᠠᠰᠢᠶᠠᠨ ᠤ ᠤᠯᠤᠰ ᠤᠨ ᠤᠢ ᠰᠢᠭᠤᠶ ︵ᠭᠠᠵᠠᠷ ᠰᠢᠨᠵᠢᠯᠡᠭᠡ︶᠎ ᠶᠢᠨ ᠴᠡᠴᠡᠷᠯᠢᠭ ᠤᠨ ᠦᠵᠡᠮᠵᠢ ᠶᠢᠨ ᠣᠷᠣᠨ ᠤ ᠵᠤᠭᠠᠴᠠᠯ ᠤᠨ ᠡᠬᠢ ᠪᠠᠶᠠᠯᠢᠭ ᠣᠨᠴᠣᠭᠤᠶ ᠳᠠᠪᠠᠭᠤᠯᠢᠭ ᠪᠠᠶᠢᠵᠤ᠂ ᠬᠥᠮᠦᠨ ᠢ ᠬᠦᠰᠡᠵᠦ ᠲᠡᠮᠡᠦᠯᠦᠭᠦᠯᠳᠡᠭ ᠲᠦᠢᠯ ᠤᠨ ᠰᠠᠶᠢᠬᠠᠨ ᠵᠤᠭᠠᠴᠠᠯ ᠤᠨ ᠭᠠᠵᠠᠷ ᠪᠣᠯᠤᠨ᠎ᠠ᠃ ᠦᠢ ᠤᠯᠠᠨ ᠭᠡᠷᠡᠯ ᠵᠢᠷᠤᠭ ᠤᠨ ᠶᠡᠭᠡ ᠳᠠᠷᠬᠠᠨ ᠠᠳᠠᠯᠢ ᠪᠤᠰᠤ ᠡᠭᠦᠳᠡᠨ ᠠᠴᠠ᠂ ᠠᠳᠠᠯᠢ ᠪᠤᠰᠤ ᠭᠤᠣᠯ ᠰᠡᠳᠤᠪᠲᠤ ᠲᠦᠷᠢ ᠳᠥᠷᠬᠦ ᠪᠠᠷ ᠳᠠᠮᠵᠢᠭᠤᠯᠤᠨ ᠷᠠᠰᠢᠶᠠᠨ ᠤ ᠤᠯᠤᠰ ᠤᠨ ᠳᠡᠰ ᠤᠨ ᠤᠢ ᠰᠢᠭᠤᠢ ︵ᠭᠠᠵᠠᠷ ᠰᠢᠨᠵᠢᠯᠡᠭᠡ︶᠎ ᠶᠢᠨ ᠴᠡᠴᠡᠷᠯᠢᠭ ᠤᠨ ᠥᠪᠡᠷᠮᠢᠴᠡ ᠦᠵᠡᠮᠵᠢ ᠶᠢ ᠳᠡᠯᠭᠡᠨ ᠦᠵᠡᠭᠦᠯᠵᠦ᠂ ᠠᠯᠢ ᠤᠯᠠᠨ ︽ᠲᠠᠩᠰᠤᠭ ᠰᠠᠶᠢᠬᠠᠨ︾ ᠭᠡᠷᠡᠯ ᠵᠢᠷᠤᠭ ᠨᠢ ᠰᠢᠯᠭᠠᠷᠠᠭᠤᠯᠬᠤ ᠺᠣᠮᠢᠰ ᠢ ᠪᠢᠰᠢᠷᠡᠨ ᠪᠠᠭ᠋ᠠᠷᠠᠭᠤᠯᠵᠤ᠂ ᠮᠠᠭᠲᠠᠭᠠᠯ ᠰᠠᠶᠢᠰᠢᠶᠠᠯ ᠢ ᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号