ᠡᠨᠡ ᠵᠢᠯ᠂ ᠤᠯᠠᠭᠠᠨᠬᠠᠳᠠ ᠬᠤᠲᠠ ᠨᠢ ᠬᠤᠳᠠ ᠪᠠᠯᠭᠠᠰᠤᠨ ᠤ ︽ᠠᠯᠪᠠᠨ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠲᠤ ᠣᠷᠣᠬᠤ ᠳᠤ ᠪᠡᠷᠬᠡ ᠪᠠᠶᠢᠭ᠎ᠠ︾ ᠪᠠ ᠮᠠᠯᠵᠢᠬᠤ ᠲᠠᠷᠢᠶᠠᠯᠠᠬᠤ ᠣᠷᠣᠨ ᠤ ︽ᠴᠡᠴᠡᠷᠯᠢᠭ ᠬᠤᠯᠠ | ᠪᠠᠶᠢᠭ᠎ᠠ︾ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠤ ᠪᠤᠢ᠃ ᠣᠳᠣᠬᠠᠨ ᠳᠤ ᠪᠦᠬᠦ ᠬᠤᠲᠠ ᠶᠢᠨ ᠬᠡᠦᠬᠡᠳ | ᠤᠨ ᠴᠡᠴᠡᠷᠯᠢᠭ ᠤᠨ ᠶᠡᠷᠦᠩᠬᠡᠶ ᠲᠤᠭ᠎ᠠ 1098 ᠰᠠᠭᠤᠷᠢ ᠪᠣᠯᠵᠤ᠂ ᠴᠡᠴᠡᠷᠯᠢᠭ ᠲᠤ ᠰᠠᠭᠤᠭ᠎ᠠ | ᠬᠡᠦᠬᠡᠳ119289 ᠬᠥᠮᠦᠨ ᠪᠠᠶᠢᠵᠤ᠂ ᠡᠭᠦᠨ ᠳᠤ ᠠᠯᠪᠠᠨ ᠠᠴᠠ ᠡᠷᠬᠢᠯᠡᠭᠰᠡᠨ ᠴᠡᠴᠡᠷᠯᠢᠭ 477 ᠰᠠᠭᠤᠷᠢ᠂ | ᠴᠡᠴᠡᠷᠯᠢᠭ ᠲᠤ ᠰᠠᠭᠤᠭ᠎ᠠ ᠬᠡᠦᠬᠡᠳ 56601 ᠬᠥᠮᠦᠨ ᠪᠠᠶᠢᠨ᠎ᠠ᠃ ᠡᠨᠡ ᠵᠢᠯ᠂ ᠪᠦᠬᠦ ᠬᠤᠳᠠ 1.32 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠡᠦᠬᠡᠳ ᠤᠨ ᠴᠡᠴᠡᠷᠯᠢᠭ ᠢ 34 ᠰᠠᠭᠤᠷᠢ ᠰᠢᠨ᠎ᠡ ᠪᠠᠷ | ᠪᠠᠶᠢᠭᠤᠯᠬᠤ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠪᠠᠷ ᠪᠠᠶᠢᠨ᠎ᠠ᠃ ᠡᠭᠦᠨ ᠳᠤ ᠬᠥᠳᠡᠭᠡ | ᠲᠣᠰᠬᠤᠨ ᠳᠤ 26 ᠰᠠᠭᠤᠷᠢ᠂ ᠬᠦᠷᠢᠶᠡᠯᠡᠩ ᠲᠤᠭᠤᠷᠢᠭ ᠲᠤ 2157 ᠰᠠᠭᠤᠷᠢ ᠨᠡᠮᠡᠨ᠎ᠠ᠃ ᠬᠤᠲᠠ ᠪᠠᠯᠭᠠᠰᠤ ᠶᠢᠨ | 8 ᠰᠠᠭᠤᠷᠢ ︵ᠭᠤᠣᠯ ᠬᠤᠳᠠ ᠶᠢᠨ ᠲᠣᠭᠤᠷᠢᠭ ᠲᠤ 4 ᠰᠠᠭᠤᠷᠢ᠂ ᠴᠡᠴᠡᠷᠯᠢᠭ ᠤᠨ ᠣᠷᠣ 1380︶᠂ | ᠴᠡᠴᠡᠷᠯᠢᠭ ᠤᠨ ᠣᠷᠣ 3090 ᠨᠡᠮᠡᠨ᠎ᠡ᠃ 2017 ᠣᠨ ᠪᠣᠯᠬᠤ ᠳᠤ᠂ ᠪᠦᠬᠦ ᠬᠤᠲᠠ ᠶᠢᠨ ᠴᠡᠴᠡᠷᠯᠢᠭ ᠲᠤ | ᠣᠷᠣᠬᠤ ᠨᠣᠷᠮ᠎ᠠ ᠶᠢ 91% ᠳᠤ ᠬᠦᠷᠭᠡᠬᠦ ᠪᠠᠷ ᠬᠦᠴᠦᠯᠡᠨ ᠴᠢᠷᠮᠠᠶᠢᠵᠤ᠂ ᠬᠤᠲᠠ ᠪᠠᠯᠭᠠᠰᠤ ᠶᠢᠨ ︽ᠠᠯᠪᠠᠨ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠬᠤ ᠳᠤ ᠪᠡᠷᠬᠡ ᠪᠠᠶᠢᠭ᠎ᠠ︾ ᠪᠠ ᠮᠠᠯᠵᠢᠬᠤ ᠲᠠᠷᠢᠶᠠᠯᠠᠬᠤ ᠣᠷᠣᠨ ᠤ | ︽ᠴᠡᠴᠡᠷᠯᠢᠭ ᠬᠤᠯᠠ ᠪᠠᠶᠢᠭ᠎ᠠ︾ ᠪᠠᠶᠢᠬᠤ ᠠᠰᠠᠭᠤᠳᠠᠯ ᠢ ᠪᠦᠲᠦᠮᠵᠢᠲᠡᠶ ᠪᠠᠷ ᠨᠠᠮᠳᠠᠭᠤᠯᠤᠨ᠎ᠠ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠯᠠᠪᠳᠠᠭᠤᠨ ᠪᠠᠲᠤᠲᠠᠶ | ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ | ᠨᠢᠭᠡ ᠴᠤᠭᠴᠠᠵᠢᠭᠤᠯᠬᠤ ᠰᠢᠨ᠎ᠡ ᠲᠣᠭᠲᠠᠴᠠ ᠶᠢ ᠪᠤᠢ ᠪᠣᠯᠭᠠᠨ᠎ᠠ᠃ ᠬᠤᠳᠠ ᠬᠥᠳᠡᠭᠡ ᠶᠢᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠶ ᠲᠣᠬᠢᠷᠠᠭᠤᠯᠬᠤ ᠶᠢ ᠨᠢᠭᠡᠳᠦᠯᠲᠡᠶ ᠲᠥᠯᠥᠪᠯᠡᠬᠦ | ᠰᠢᠪᠲᠤᠯᠤᠯᠲᠠ ᠶᠢᠨ ᠴᠡᠭ ᠪᠣᠯᠭᠠᠵᠤ᠂ ᠠᠯᠬᠤᠮ ᠠᠯᠬᠤᠮ ᠢᠶᠠᠷ ᠬᠤᠳᠠ ᠬᠥᠳᠡᠭᠡ ᠪᠠ ᠰᠤᠷᠭᠠᠭᠤᠯᠢ ᠬᠤᠪᠢᠶᠠᠬᠤ᠂ | ᠪᠠᠭ᠎ᠠ ᠰᠤᠷᠭᠠᠭᠤᠯᠢ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠮᠵᠢᠲᠡᠶ ᠵᠣᠯᠭᠠᠯᠲᠠ ᠶᠢ | ᠴᠢᠩᠭᠠᠳᠬᠠᠬᠤ᠂ ᠰᠤᠷᠭᠠᠭᠤᠯᠢ ᠬᠤᠣᠰᠯᠠᠨ ᠬᠠᠪᠰᠤᠷᠤᠯᠴᠠᠬᠤ᠂ ᠰᠤᠷᠭᠠᠭᠤᠯᠢ ᠶᠢᠨ ᠲᠣᠭᠤᠷᠢᠭ ᠤᠨ ᠲᠦᠷᠢᠮ ᠤᠨ | ᠬᠠᠮᠢᠶᠠᠷᠤᠯᠲᠠ ᠶᠢᠨ ᠲᠤᠷᠰᠢᠯᠲᠠ ᠬᠢᠬᠦ ᠶᠢ ᠰᠠᠶᠢᠲᠤᠷ ᠠᠳᠬᠤᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠳᠤ ︽ | ᠰᠤᠷᠭᠠᠭᠤᠯᠢ ᠰᠣᠩᠭᠤᠬᠤ ᠬᠠᠯᠠᠭᠤᠷᠠᠯ︾ ᠤᠨ ᠠᠰᠠᠭᠤᠳᠠᠯ ᠢ ᠭᠤᠣᠯᠳᠠᠯᠭ᠎ᠠ ᠲᠠᠢ ᠪᠠᠷ ᠰᠢᠢᠳᠪᠦᠷᠢᠯᠡᠨ᠎ᠡ᠃ | ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠶᠡᠬᠡᠪᠡᠷ ᠲᠦᠯᠬᠢᠨ | ᠠᠬᠢᠭᠤᠯᠵᠤ᠂ ᠨᠥᠬᠦᠴᠡᠯ ᠪᠠᠷᠤᠭᠲᠠᠶ ᠰᠤᠷᠭᠠᠭᠤᠯᠢ ᠶᠢ ᠥᠭᠡᠷᠡᠴᠢᠯᠡᠵᠦ᠂ ᠰᠢᠶᠠᠨ ᠤ ᠬᠡᠪᠴᠢᠶᠡᠨ ᠳᠠᠬᠢ | ᠰᠤᠷᠭᠠᠭᠤᠯᠢ ᠶᠢᠨ ᠵᠠᠬᠢᠷᠤᠯ᠂ ᠪᠠᠭᠰᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠯᠢᠯᠴᠠᠬᠤ ᠲᠦᠷᠢᠮ ᠢ ᠪᠠᠶᠢᠭᠤᠯᠵᠤ᠂ | ᠰᠤᠷᠭᠠᠭᠤᠯᠢ ᠶᠢᠨ ᠴᠡᠭ ᠤᠨ ᠪᠠᠶᠢᠷᠢᠰᠢᠯ ᠢ ᠵᠦᠢ ᠵᠣᠬᠢᠰᠲᠠᠶ ᠲᠥᠯᠥᠪᠵᠢᠭᠦᠯᠵᠦ᠂ ᠬᠤᠳᠠ ᠪᠠᠯᠭᠠᠰᠤᠨ ᠤ | ᠰᠤᠷᠭᠠᠭᠤᠯᠢ ᠶᠢᠨ ᠬᠡᠳᠥ ᠶᠡᠭᠡ ᠠᠩᠭᠢ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ | ᠬᠤᠳᠠ ᠶᠢᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠣᠷ᠎ᠠ᠂ ᠤᠯᠠᠭᠠᠨᠬᠠᠳᠠ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠤᠲᠠ ᠪᠠᠶᠢᠭᠤᠯᠬᠤ ᠬᠠᠮᠢᠶ᠎ᠠ ᠪᠦᠬᠦᠢ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠬᠤᠲᠠ ᠶᠢᠨ ᠲᠣᠭᠤᠷᠢᠭ ᠲᠤ ᠦᠨᠳᠦᠰᠦᠨ ᠵᠢᠩᠬᠢᠨᠢ ᠠᠩᠭᠢ ᠶᠢᠨ ᠨᠢᠭᠡ ᠳᠡᠭᠡᠳᠦ ᠰᠤᠷᠭᠠᠭᠤᠯᠢ᠂ | ᠠᠵᠢᠯ ᠮᠡᠷᠭᠡᠵᠢᠯ ᠤᠨ ᠬᠤᠶᠠᠷ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠲᠠᠪᠤᠨ ᠳᠤᠮᠳᠠᠳᠤ ᠰᠤᠷᠭᠠᠭᠤᠯᠢ ᠶᠢ | ᠪᠦᠬᠦᠯᠢ ᠴᠣᠭᠴᠠ ᠪᠠᠷ ᠨᠡᠭᠦᠯᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠪᠦᠬᠦ ᠬᠤᠲᠠ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢᠯᠠᠭᠤᠯᠤᠯᠲᠠ ᠪᠠ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ︽ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ︾ ᠪᠠ ︽ᠤᠯᠤᠰ ᠤᠨ ᠠᠵᠤ | ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠤᠷ᠎ᠠ | ᠮᠡᠷᠭᠡᠵᠢᠯᠲᠡᠶ ᠴᠢᠳᠠᠪᠤᠷᠢᠲᠠᠨ ᠤ ︿ᠬᠤᠣᠰ ᠡᠰᠢᠲᠦ﹀ ᠰᠤᠷᠭᠠᠨ ᠬᠥᠮᠥᠵᠢᠯ ᠤᠨ ᠥᠭᠡᠷᠡᠴᠢᠯᠡᠯᠲᠡ ᠶᠢᠨ ᠲᠤᠷᠰᠢᠯᠲᠠ | ᠶᠢᠨ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ | ᠤᠯᠠᠭᠠᠨᠬᠠᠳᠠ ᠶᠢᠨ ᠰᠣᠶᠣᠯ ᠰᠤᠷᠭᠠᠨ ᠬᠥᠮᠦᠵᠢᠯ ᠤᠨ ᠴᠢᠳᠠᠪᠤᠷᠢᠲᠠᠨ ᠤ ᠳᠠᠪᠠᠭᠤᠯᠢᠭ ᠢ ᠤᠶᠤᠨ ᠤᠬᠠᠭᠠᠨ ᠤ | ᠳᠠᠪᠠᠭᠤᠯᠢᠭ ᠪᠣᠯᠭᠠᠨ ᠬᠤᠪᠢᠷᠠᠭᠤᠯᠬᠤ ᠶᠢ ᠲᠥᠷᠭᠡᠳᠬᠡᠨ᠎ᠡ᠃ |