| | 2016 ᠣᠨ ᠪᠣᠯ ︽13᠂ 5︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠡᠯ᠎ᠡ | ᠵᠦᠢᠯ ᠤᠨ ᠪᠡᠶ᠎ᠡ ᠶᠢᠨ ᠲᠠᠮᠢᠷ ᠤᠨ ᠦᠢᠯᠡᠰ ᠥᠷᠨᠢᠨ ᠬᠥᠭᠵᠢᠵᠦ ᠪᠤᠢ᠂ ᠥᠪᠥᠷ ᠮᠣᠩᠭᠤᠯ ᠤᠨ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠨᠢ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ︽ᠪᠡᠶ᠎ᠡ ᠶᠢᠨ ᠲᠠᠮᠢᠷ ᠤᠨ ᠬᠢᠴᠢᠶᠡᠯ ᠪᠠ | ᠬᠢᠴᠢᠶᠡᠯ ᠤᠨ ᠭᠠᠳᠠᠨᠠᠬᠢ ᠪᠣᠯᠪᠠᠰᠤᠷᠠᠯ ᠢ ᠴᠢᠩᠭᠠᠳᠬᠠᠨ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ | ᠮᠡᠨᠳᠤ᠂ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠠᠬᠢᠭᠤᠯᠬᠤ︾ ᠲᠤᠬᠠᠢ ᠱᠠᠭᠠᠷᠳᠠᠯᠭ᠎ᠠ ᠪᠣᠯᠤᠨ ︽ᠲᠦᠷᠦ ᠶᠢᠨ | ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠪᠡᠶ᠎ᠡ ᠶᠢᠨ | ᠲᠠᠮᠢᠷ ᠤᠨ ᠬᠡᠷᠡᠭᠯᠡᠭᠡ ᠶᠢ ᠠᠬᠢᠭᠤᠯᠬᠤ ᠰᠠᠨᠠᠯ ᠤᠳ︾ ᠤᠨ ᠲᠤᠬᠠᠶ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠰᠢᠨ᠎ᠡ ᠶᠢ ᠡᠭᠦᠳᠬᠦ ᠵᠣᠬᠢᠴᠠᠭᠤᠯᠬᠤ᠂ ᠪᠣᠬᠢᠷᠲᠤᠯ ᠦᠭᠡᠢ᠂ ᠨᠡᠭᠡᠭᠡᠯᠳᠡ ᠲᠠᠢ᠂ | ᠬᠠᠮᠲᠤ ᠪᠠᠷ ᠡᠳ᠋ᠯᠡᠬᠦ︾ ᠬᠥᠭᠵᠢᠯᠲᠡ ᠶᠢᠨ ᠣᠨᠣᠯᠵᠢᠬᠤᠨ ᠢ ᠬᠦᠯᠢᠶᠡᠨ ᠠᠪᠴᠤ᠂ ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠪᠡᠶ᠎ᠡ | ᠮᠠᠬᠠᠪᠣᠳ ᠢ ᠴᠢᠭᠢᠷᠠᠭᠵᠢᠭᠤᠯᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠪᠠ ᠦᠢᠯᠡᠴᠢᠯᠡᠭᠡᠨ ᠤ | ᠲᠠᠪᠴᠠᠩ ᠢ ᠪᠠᠶᠢᠭᠤᠯᠤᠨ᠎ᠠ᠃ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠥᠪᠡᠷᠲᠡᠭᠡᠨ ᠵᠠᠰᠠᠬᠤ | ᠣᠷᠣᠨ ᠤ ᠱᠠᠲᠤᠨ ᠤ 10 ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ᠺᠯᠦ᠋ᠪ᠂ ᠥᠪᠡᠷᠲᠡᠭᠡᠨ ᠵᠠᠰᠠᠬᠤ ᠣᠷᠣᠨ | ᠤ ᠲᠡᠰ ᠤᠨ 3 ᠵᠢᠱᠢᠶ᠎ᠡ ᠦᠵᠡᠭᠦᠯᠬᠦ ᠺᠯᠦ᠋ᠪ᠂ 2 ᠵᠠᠯᠠᠭᠤᠴᠤᠳ ᠪᠠᠭᠠᠴᠤᠳ ᠤᠨ ᠭᠡᠷ ᠤᠨ ᠭᠠᠳᠠᠨᠠᠬᠢ ᠬᠦᠳᠡᠯᠭᠡᠭᠡᠨ | ᠤ ᠬᠤᠸᠠᠷᠠᠨ ᠢ ᠨᠡᠷᠡᠶᠢᠳᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠲᠠᠢ ᠬᠠᠮᠲᠤᠷᠠᠨ ᠤᠯᠠᠮᠵᠢᠯᠠᠯᠲᠤ ᠪᠡᠶ᠎ᠡ ᠶᠢᠨ ᠲᠠᠮᠢᠷ ᠤᠨ 3 ᠰᠤᠷᠭᠠᠭᠤᠯᠢ ᠶᠢ ᠨᠡᠷᠡᠶᠢᠳᠦᠭᠰᠡᠨ ᠪᠠᠶᠢᠨ᠎ᠠ᠃ | ᠡᠭᠦᠨ ᠳᠤ᠂ ᠬᠥᠬᠡᠬᠤᠲᠠ ᠶᠢᠨ ᠸᠠᠩ ᠮᠢᠶᠤᠤ ᠵᠠᠯᠠᠭᠤᠴᠤᠳ ᠪᠠᠭᠠᠴᠤᠳ ᠤᠨ ᠲᠣᠣᠷ ᠪᠥᠮᠪᠦᠭᠡ ᠶᠢᠨ ᠺᠯᠦ᠋ᠪ ᠂ ᠥᠪᠥᠷ | ᠮᠣᠩᠭᠤᠯ ᠤᠨ ᠵᠧᠩ ᠭᠧ ᠡᠦ ᠳ᠋ᠤᠤ ᠣᠷᠳᠣᠨ᠂ ᠥᠪᠥᠷ ᠮᠣᠩᠭᠤᠯ ᠤᠨ ᠰᠢᠶᠦᠩ ᠮᠧᠢ ᠤᠮᠪᠠᠯᠲᠠ ᠶᠢᠨ ᠺᠯᠦ᠋ᠪ ᠵᠡᠷᠭᠡ | 3 ᠨᠢᠭᠡᠴᠡ ︽ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠩᠬᠠᠳᠠᠭᠴᠢ | ᠪᠦᠯᠦᠭ ᠵᠢᠱᠢᠶ᠎ᠡ ᠦᠵᠡᠭᠦᠯᠬᠦ ᠺᠯᠦ᠋ᠪ︾ ᠢᠶᠠᠷ ᠨᠡᠷᠡᠶᠢᠳᠦᠭᠳᠡᠭᠰᠡᠨ ᠪᠠᠶᠢᠨ᠎ᠠ᠃ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ᠂ ᠦᠢᠯᠡᠴᠢᠯᠡᠭᠡᠨ ᠤ ᠬᠢᠷᠢ ᠬᠡᠮᠵᠢᠶ᠎ᠡ ᠪᠣᠯᠤᠨ ᠨᠡᠶᠢᠭᠡᠮ ᠤᠨ ᠨᠥᠯᠥᠭᠡᠯᠡᠬᠦ ᠬᠦᠴᠦᠨ ᠵᠡᠷᠭᠡ ᠲᠠᠯ᠎ᠠ ᠪᠠᠷ | ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠨᠥᠯᠥᠭᠡ ᠪᠦᠬᠦᠢ ᠺᠯᠦ᠋ᠪ ᠢ ᠰᠢᠯᠢᠨ ᠰᠣᠩᠭᠤᠵᠤ᠂ ᠲᠡᠳᠡᠨᠡᠷ ᠢ | ᠤᠷᠮᠠᠰᠢᠭᠤᠯᠵᠤ ᠪᠠᠶᠢᠭᠠᠳ ᠬᠤᠶᠢᠰᠢᠳᠠ ᠶᠢᠨ ᠠᠵᠢᠯ ᠤᠨ ᠳᠤᠮᠳᠠ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠵᠤ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠲᠥᠷᠥᠯ ᠵᠦᠢᠯ ᠢ ᠲᠦᠭᠡᠮᠡᠯᠵᠢᠭᠦᠯᠦᠨ ᠳᠡᠯᠭᠡᠷᠡᠭᠦᠯᠵᠦ᠂ | ᠵᠠᠯᠠᠭᠤᠴᠤᠳ ᠪᠠᠭᠠᠴᠤᠳ ᠤᠨ ᠲᠠᠮᠢᠷ ᠤᠨ ᠮᠡᠷᠭᠡᠵᠢᠯ ᠢ ᠤᠯᠠᠮᠵᠢᠯᠠᠵᠤ᠂ ᠵᠠᠯᠠᠭᠤᠴᠤᠳ ᠪᠠᠭᠠᠴᠤᠳ ᠤᠨ ᠥᠭᠡᠳᠡᠷᠬᠡᠭ᠂ | ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠵᠠᠩ ᠴᠢᠨᠠᠷ ᠢ ᠬᠥᠮᠥᠵᠢᠭᠦᠯᠵᠦ᠂ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ | ᠬᠥᠮᠥᠵᠢᠭᠦᠯᠦᠨ ᠴᠣᠯᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠺᠯᠦ᠋ᠪ ᠤᠨ | ᠪᠦᠬᠦᠯᠢ ᠴᠣᠭᠴᠠ ᠶᠢᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃ | ᠪᠡᠶ᠎ᠡ ᠶᠢᠨ ᠲᠠᠮᠢᠷ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠳᠠᠭᠠᠯᠳᠤᠨ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠴᠢᠳᠠᠪᠤᠷᠢ ᠡᠳᠦᠷ ᠢᠷᠡᠬᠦᠶ᠎ᠡ ᠲᠣᠪᠤᠶᠢᠮ᠎ᠠ ᠪᠣᠯᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ | ᠲᠠᠮᠢᠷ ᠤᠨ ᠵᠣᠬᠢᠶᠠᠨ ᠪᠠᠶᠢᠭᠤᠯᠤᠯᠲᠠ ᠪᠣᠯ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ | ᠲᠦᠭᠡᠮᠡᠯᠵᠢᠭᠦᠯᠬᠦ ᠴᠢᠬᠤᠯᠠ ᠠᠴᠢᠶᠠᠯᠠᠪᠤᠷᠢ ᠪᠠ ᠭᠡᠷ ᠪᠦᠯᠢ᠂ ᠰᠤᠷᠭᠠᠭᠤᠯᠢ ᠪᠠ ᠨᠡᠶᠢᠭᠡᠮ ᠤᠨ ᠬᠤᠭᠤᠷᠣᠨᠳᠣᠬᠢ | ᠬᠠᠷᠢᠯᠴᠠᠭ᠎ᠠ ᠬᠤᠯᠪᠣᠭᠠᠨ ᠤ ᠴᠢᠬᠤᠯᠠ ᠲᠠᠪᠴᠠᠩ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ | ᠴᠢᠳᠠᠪᠤᠷᠢᠲᠠᠨ ᠢ ᠬᠥᠮᠥᠵᠢᠭᠦᠯᠦᠨ ᠴᠤᠯᠭᠠᠷᠠᠭᠤᠯᠬᠤ ᠴᠢᠬᠤᠯᠠ ᠰᠠᠭᠤᠷᠢᠨ ᠭᠠᠵᠠᠷ ᠪᠡᠶ᠎ᠡ ᠶᠢᠨ ᠲᠠᠮᠢᠷ ᠤᠨ ᠳᠠᠯᠳᠠ | ᠬᠡᠷᠡᠭᠯᠡᠭᠡ ᠶᠢᠨ ᠴᠢᠬᠤᠯᠠ ᠨᠡᠪᠴᠢᠭᠦᠯᠦᠷ ᠢ ᠪᠤᠶᠢᠵᠢᠭᠤᠯᠵᠤ᠂ ᠪᠠᠰᠠ ᠴᠤ ︽ᠪᠡᠶ᠎ᠡ ᠮᠠᠬᠠᠪᠤᠳ ᠰᠤᠷᠭᠠᠨ ᠬᠥᠮᠥᠵᠢᠯ ᠢ | ᠤᠶᠠᠯᠳᠤᠭᠤᠯᠤᠭᠰᠠᠨ︾ ᠴᠢᠬᠤᠯᠠ ᠰᠢᠪᠲᠤᠯᠤᠯᠲᠠ ᠶᠢᠨ ᠴᠢᠭ ᠮᠥᠨ᠃ ᠬᠤᠶᠢᠰᠢᠳᠠ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ | ᠥᠭᠡᠷᠡᠴᠢᠯᠡᠯᠲᠡ ᠶᠢᠨ ᠠᠰᠢᠭᠲᠠᠶ ᠨᠥᠬᠦᠴᠡᠯ ᠳᠤ ᠵᠣᠬᠢᠴᠠᠭᠤᠯᠤᠨ᠂ ᠵᠠᠯᠠᠭᠤᠴᠤᠳ ᠪᠠᠭᠠᠴᠤᠳ ᠤᠨ ᠵᠣᠬᠢᠶᠠᠨ | ᠪᠠᠶᠢᠭᠤᠯᠤᠯᠲᠠ ᠶᠢ ᠶᠡᠬᠡᠪᠡᠷ ᠬᠥᠭᠵᠢᠭᠦᠯᠵᠦ᠂ ᠤᠯᠠᠨ ᠡᠰᠢᠲᠦ ᠰᠤᠷᠭᠠᠨ ᠬᠥᠮᠦᠵᠢᠯ ᠤᠨ ᠴᠢᠳᠠᠮᠵᠢ ᠶᠢ ᠪᠠᠳᠠᠷᠠᠭᠤᠯᠵᠤ᠂ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠵᠤ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠦᠢᠯᠡᠰ ᠤᠨ ᠥᠷᠨᠢᠨ ᠬᠥᠭᠵᠢᠬᠦ ᠶᠢ ᠲᠦᠯᠬᠢᠨ ᠠᠬᠢᠭᠤᠯᠬᠤ ᠪᠣᠯᠣᠨ᠎ᠠ᠃ |