| | | 3 ᠳ᠋ᠤᠭᠠᠷ ᠰᠠᠷ᠎ᠠ ᠶᠢᠨ 21 ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠤᠯᠤᠰ | ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ 49 ᠳ᠋ᠤᠭᠡᠷ ᠣᠳᠠᠭ᠎ᠠ ᠶᠢᠨ | ᠲᠡᠷᠢᠭᠦᠯᠡᠭᠴᠢᠳ ᠤᠨ ᠬᠤᠷᠠᠯ ᠬᠢᠵᠤ᠂ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠭᠦᠨ ᠤ ᠠᠵᠢᠯ ᠤᠨ | ᠬᠤᠪᠢᠶᠠᠷᠢᠯᠠᠯ ᠢᠶᠠᠨ ᠰᠤᠳᠤᠯᠤᠨ ᠲᠤᠬᠢᠷᠠᠭᠤᠯᠵᠤ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠭᠡᠨ ᠤ ᠠᠯᠪᠠᠨ ᠲᠢᠩᠬᠢᠮ᠂ ᠡᠯ᠎ᠠ ᠲᠤᠰᠬᠠᠢ ᠵᠦᠪᠯᠡᠯ ᠤᠨ 2016 ᠣᠨ ᠤ ᠠᠵᠢᠯ ᠤᠨ ᠲᠤᠬᠢᠷᠠᠭᠤᠯᠤᠯᠳᠠ | ᠵᠢᠴᠢ ᠡᠳᠡᠭᠡᠳ ᠢᠯᠭᠠᠯ ᠤᠨ 2016 ᠣᠨ ᠤ ᠠᠵᠢᠯᠯᠠᠭ᠎ᠠ ᠶᠢᠨ ᠲᠦᠯᠦᠪᠯᠡᠭᠡ ᠶᠢᠨ ᠮᠡᠳᠡᠭᠦᠯᠦᠯᠳᠡ ᠶᠢ | ᠰᠤᠨᠤᠰᠤᠬᠰᠠᠨ ᠪᠠ 2016 ᠣᠨ ᠤ ᠭᠤᠤᠯᠳᠠᠯᠠᠭ᠎ᠠ ᠲᠠᠢ ᠱᠠᠯᠠᠪᠳᠠᠭᠤᠯᠤᠨ ᠰᠢᠢᠳᠪᠦᠷᠢᠯᠡᠭᠦᠯᠬᠦ ᠰᠠᠨᠠᠯ ᠲᠤᠷᠠᠳᠤᠯᠭ᠎ᠠ | ᠪᠠᠨ ᠰᠤᠳᠤᠯᠤᠨ ᠲᠤᠭᠳᠠᠭᠠᠵᠠᠢ᠃ | ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠸᠠ ᠶᠠ ᠫᠢᠩ ᠬᠤᠷᠠᠯ | ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ | ᠲᠡᠳ᠋ ᠲᠡᠷᠢᠭᠦᠯᠡᠭᠴᠢ ᠶᠠᠩ ᠴᠧᠩ ᠸᠠᠩ᠂ ᠴᠸᠠ ᠢᠤᠢ᠂ ᠳ᠋ᠦᠩ ᠾᠧᠩ ᠢᠤᠢ᠂ ᠵᠧᠩ ᠹᠦ᠋ ᠲᠢᠶᠠᠨ᠂ ᠨᠢᠦ ᠭᠤᠸᠠᠩ | ᠮᠢᠩ᠂ ᠯᠢᠶᠠᠩ ᠲᠢᠶᠧ ᠴᠧᠩ᠂ ᠸᠠᠩ ᠬᠤᠸᠠᠨ ᠴᠧᠩ᠂ ᠯᠦᠸᠧ ᡁᠢ ᠬᠣ᠋ ᠪᠤᠯᠤᠨ ᠨᠠᠷᠢᠨ ᠪᠢᠴᠢᠭ ᠤᠨ ᠲᠠᠷᠤᠭ᠎ᠠ | ᠸᠧᠢ ᠵᠢᠶᠦ᠋ᠨ ᠬᠤᠷᠠᠯ ᠳᠤ ᠤᠷᠤᠯᠴᠠᠵᠠᠢ᠃ | ᠷᠧᠨ ᠶᠠ ᠫᠢᠩ ᠵᠢᠭᠠᠵᠤ ᠭᠠᠷᠭᠠᠬᠰᠠᠨ ᠨᠢ᠂ ᠪᠦᠬᠦ ᠤᠷᠤᠨ ᠤ ᠭᠤᠤᠯᠳᠠᠯᠭ᠎ᠠ ᠲᠠᠢ ᠠᠵᠢᠯ ᠪᠣᠯᠣᠨ ᠭᠤᠤᠯ | ᠡᠭᠦᠷᠭᠡ ᠦᠨᠳᠦᠰᠦᠨ ᠳᠡᠭᠡᠨ ᠲᠤᠳᠤᠷᠬᠠᠢ ᠪᠤᠯᠪᠠ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠭᠡᠨ ᠭᠤᠤᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠤ᠂ ᠲᠤᠰ ᠪᠡᠶ᠎ᠡ ᠶᠢᠨ ᠲᠤᠰᠢᠶᠠᠯ | ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠭᠦ ᠬᠡᠷᠡᠭᠳᠡᠢ᠃ ᠤᠯᠤᠰ ᠲᠦᠷᠦ ᠶᠢᠨ ᠵᠦᠪᠯᠡᠯᠭᠡᠨ ᠤ ᠨᠠᠮ ᠤᠨ | ᠤᠳᠤᠷᠢᠳᠬᠤ ᠲᠤᠭᠤᠢᠢᠯᠠᠩ ᠪᠤᠯᠤᠨ ᠪᠠᠶᠢᠭᠤᠯᠭ᠎ᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠳᠠ ᠶᠤᠰᠤᠭᠠᠷ᠂ ︽ᠬᠤᠶᠠᠷ ᠢ ᠰᠤᠷᠤᠯᠴᠠᠵᠤ ᠨᠢᠭᠡ ᠪᠤᠯᠬᠤ︾ ᠲᠤᠰᠬᠠᠢ ᠰᠡᠳᠦᠪᠳᠦ ᠰᠤᠷᠤᠯᠴᠠᠯᠭ᠎ᠠ | ᠬᠦᠮᠦᠵᠢᠯ ᠤᠨ ᠠᠵᠢᠯᠯᠠᠭ᠎ᠠ ᠶᠢ ᠬᠦᠨᠵᠡᠭᠡᠢ ᠦᠷᠨᠢᠭᠦᠯᠭᠦ ᠬᠡᠷᠡᠭᠳᠡᠢ᠃ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠭᠦᠨ | ᠲᠤᠰᠬᠠᠢ ᠵᠦᠪᠯᠡᠯ ᠤᠨ ᠠᠵᠢᠯ ᠳᠠᠬᠢ ᠵᠢᠯᠤᠭᠤᠳᠤᠯᠭ᠎ᠠ ᠪᠠᠨ ᠴᠢᠩᠭᠠᠳᠬᠠᠵᠤ᠂ ᠲᠤᠰᠬᠠᠢ ᠵᠦᠪᠯᠡᠯ ᠤᠨ ᠰᠠᠭᠤᠷᠢ | ᠦᠢᠯᠡᠳᠦᠯ ᠢ ᠬᠦᠢᠴᠡᠳ ᠪᠠᠳᠠᠷᠠᠭᠤᠯᠤᠨ᠂ ᠵᠦᠪᠯᠡᠭᠦ ᠲᠦᠯᠦᠪᠯᠡᠯᠭᠡ ᠶᠢ ᠨᠡᠶᠢᠳᠡᠪᠦᠷᠢᠵᠢᠭᠤᠯᠬᠤ ᠶᠢ ᠰᠠᠶᠢᠳᠤᠷ | ᠠᠳᠬᠤᠵᠤ᠂ ᠭᠤᠤᠯᠳᠠᠯᠭ᠎ᠠ ᠲᠠᠢ ᠰᠠᠨᠠᠯ ᠲᠤᠷᠠᠳᠤᠯᠭ᠎ᠠ ᠶᠢ ᠱᠠᠯᠠᠪᠳᠠᠭᠤᠯᠤᠨ ᠰᠢᠢᠳᠪᠦᠷᠢᠯᠡᠭᠦᠯᠬᠦ ᠶᠠᠪᠤᠴᠠ ᠳᠤ | ᠬᠦᠳᠦᠯᠦᠨ ᠲᠠᠭᠠᠭᠤᠯᠵᠤ ᠵᠢᠱᠢᠶ᠎ᠡ ᠦᠵᠡᠭᠦᠯᠭᠦ ᠦᠢᠯᠡᠳᠦᠯ ᠢᠶᠠᠨ ᠪᠠᠳᠠᠷᠠᠭᠤᠯᠬᠤ ᠬᠡᠷᠡᠭᠳᠡᠢ᠃ ᠠᠷᠠᠳᠴᠢᠯᠠᠭᠰᠠᠨ ᠨᠠᠮ | ᠪᠦᠯᠦᠭ ᠪᠤᠯᠤᠨ ᠬᠠᠮᠢᠶ᠎ᠠ ᠪᠦᠬᠦᠢ ᠡᠳᠡᠭᠡᠳ ᠢᠯᠭᠠᠯ ᠲᠠᠢ ᠢᠳᠡᠪᠬᠢᠳᠡᠢ ᠬᠠᠷᠢᠯᠴᠠᠵᠤ᠂ ᠲᠤᠭᠤᠷᠢᠨ ᠦᠵᠡᠵᠤ | ᠪᠠᠶᠢᠴᠠᠭᠠᠨ ᠰᠤᠳᠤᠯᠬᠤ ᠠᠵᠢᠯᠯᠠᠭ᠎ᠠ ᠶᠢ ᠲᠦᠯᠦᠪᠵᠢᠭᠦᠯᠦᠨ ᠦᠷᠨᠢᠭᠦᠯᠵᠤ᠂ ᠤᠯᠤᠰ ᠲᠦᠷᠦ ᠶᠢᠨ ᠵᠦᠪᠯᠡᠯᠭᠡᠨ ᠤ | ᠡᠯ᠎ᠠ ᠵᠦᠢᠯ ᠤᠨ ᠠᠵᠢᠯ ᠢᠶᠠᠨ ᠪᠦᠬᠦ ᠲᠠᠯ᠎ᠠ ᠪᠠᠷ ᠠᠬᠢᠭᠤᠯᠬᠤ ᠬᠡᠷᠡᠭᠳᠡᠢ ᠬᠡᠵᠡᠢ᠃ | ᠷᠸᠠ ᠶᠠ ᠫᠢᠩ ᠱᠠᠭᠠᠷᠳᠠᠬᠰᠠᠨ ᠨᠢ᠂ ᠤᠯᠤᠰ ᠲᠦᠷᠦ ᠶᠢᠨ ᠵᠦᠪᠯᠡᠯᠭᠡᠨ ᠲᠤᠰᠢᠶᠠᠯ ᠬᠠᠷᠢᠭᠤᠴᠠᠯᠭ᠎ᠠ ᠪᠠᠨ | ᠬᠦᠢᠴᠡᠳᠭᠡᠭᠦ ᠳᠡᠭᠡᠨ ᠤᠬᠢ ᠰᠤᠳᠤ ᠶᠢᠨ ᠤᠬᠠᠮᠰᠠᠷ ᠢ ᠪᠤᠢ ᠪᠤᠯᠭᠠᠵᠤ᠂ ᠭᠤᠤᠯᠳᠠᠯᠭ᠎ᠠ ᠪᠠᠨ ᠲᠤᠪᠤᠶᠢᠯᠭᠠᠨ᠂ | ᠵᠠᠩᠬᠢᠯᠠᠭ᠎ᠠ ᠪᠠᠨ ᠡᠷᠢᠨ ᠤᠯᠵᠤ᠂ ᠶᠠᠰᠦ ᠴᠢᠨᠠᠷ ᠢ ᠠᠩᠬᠠᠷᠦᠨ᠂ ᠪᠤᠳᠠᠳᠤ ᠦᠷ᠎ᠡ ᠪᠦᠳᠦᠮᠵᠢ ᠶᠢ ᠡᠷᠬᠢᠮᠯᠡᠵᠦ᠂ ᠡᠯ᠎ᠠ | ᠵᠦᠢᠯ ᠤᠨ ᠠᠵᠢᠯ ᠤᠨ ᠦᠨᠡᠨ ᠪᠠᠳᠤᠳᠠᠢ ᠪᠠᠶᠢᠬᠤ ᠶᠢ ᠪᠠᠳᠤᠯᠠᠬᠤ ᠬᠡᠷᠡᠭᠳᠡᠢ᠃ ᠪᠦᠬᠦ ᠤᠯᠤᠰ ᠤᠨ ᠤᠯᠤᠰ | ᠲᠦᠷᠦ ᠶᠢᠨ ᠵᠦᠪᠯᠡᠯᠭᠡᠨ ᠬᠢᠭᠡᠳ ᠮᠠᠨ ᠤ ᠤᠷᠤᠨ ᠤ ᠬᠠᠮᠢᠶ᠎ᠠ ᠪᠦᠬᠦᠢ ᠪᠠᠶᠢᠴᠠᠭᠠᠨ ᠰᠤᠳᠤᠯᠤᠯᠳᠠ ᠪᠣᠯᠣᠨ | ᠵᠦᠪᠯᠡᠯᠭᠡ ᠳᠤ ᠢᠳᠡᠪᠬᠢᠳᠡᠢ ᠤᠷᠤᠯᠴᠠᠵᠤ᠂ ᠦᠪᠦᠷ ᠮᠤᠩᠭᠤᠯ ᠤᠨ ᠲᠠᠭᠤ ᠬᠤᠭᠤᠯᠠᠢ ᠶᠢ ᠮᠡᠳᠡᠭᠦᠯᠭᠦ ᠬᠡᠷᠡᠭᠳᠡᠢ᠃ | ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠲᠤᠰᠢᠶᠠᠯ ᠬᠠᠷᠢᠭᠤᠴᠠᠯᠭ᠎ᠠ | ᠬᠦᠢᠴᠡᠳᠭᠡᠭᠦ ᠵᠢᠷᠤᠮ ᠲᠤᠭᠳᠠᠭᠠᠵᠤ᠂ ᠬᠡᠰᠢᠭᠦᠨ ᠤ ᠡᠩᠨᠡᠭᠡ ᠶᠢᠨ ᠪᠠᠶᠢᠭᠤᠯᠤᠯᠳᠠ᠂ ᠬᠠᠮᠢᠶᠠᠷᠤᠯᠳᠠ᠂ | ᠬᠦᠴᠦᠷᠭᠡᠭᠵᠢᠯ ᠳᠤ ᠪᠠᠷᠢᠮᠳᠠᠯᠠᠯ ᠬᠠᠩᠭᠠᠬᠤ ᠬᠡᠷᠡᠭᠳᠡᠢ᠃ ᠣᠨ ᠤ ᠵᠦᠪᠯᠡᠭᠦ ᠲᠦᠯᠦᠪᠯᠡᠭᠡ ᠪᠠᠨ ᠴᠢᠨᠠᠬᠰᠢᠳᠠ | ᠲᠡᠭᠦᠯᠳᠡᠷᠵᠢᠭᠦᠯᠦᠨ᠂ ᠨᠢᠮᠪᠠᠢ ᠵᠤᠬᠢᠶᠠᠨ ᠪᠠᠶᠢᠭᠤᠯᠵᠤ᠂ ᠣᠨ ᠤ ᠵᠦᠪᠯᠡᠭᠦ ᠠᠵᠢᠯ ᠤᠨ ᠪᠦᠳᠦᠮᠵᠢᠳᠡᠢ | ᠨᠠᠶᠢᠳᠠᠪᠤᠷᠢᠵᠢᠭᠤᠯᠤᠭᠳᠠᠬᠤ ᠶᠢ ᠠᠬᠢᠭᠤᠯᠬᠤ ᠬᠡᠷᠡᠭᠳᠡᠢ᠃ ᠬᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ | ᠬᠦᠢᠴᠡᠳᠭᠡᠭᠦ ᠢᠳᠡᠪᠬᠢᠵᠢᠯ ᠢ ᠲᠠᠶᠢᠴᠢᠯᠡᠵᠤ᠂ ᠡᠳᠡᠭᠡᠳ ᠢᠯᠭᠠᠯ ᠤᠨ ᠠᠵᠢᠯᠯᠠᠭ᠎ᠠ ᠶ᠋᠊ ᠢ ᠰᠠᠶᠢᠳᠤᠷ ᠦᠷᠨᠢᠭᠦᠯᠭᠦ | ᠬᠡᠷᠡᠭᠳᠡᠢ᠃ ᠪᠦᠬᠦ ᠤᠷᠤᠨ ᠤ ᠠᠶᠢᠮᠠᠭ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠲᠤᠷᠰᠢᠯᠭ᠎ᠠ | ᠰᠤᠯᠢᠯᠴᠠᠬᠤ ᠬᠤᠷᠠᠯ ᠢ ᠨᠠᠷᠢᠨ ᠨᠢᠮᠪᠠᠢ ᠪᠡᠯᠡᠳᠭᠡᠵᠤ᠂ ᠦᠨᠳᠦᠰᠦᠨ ᠱᠠᠳᠤᠨ ᠤ ᠤᠯᠤᠰ ᠲᠦᠷᠦ ᠶᠢᠨ ᠵᠦᠪᠯᠡᠯᠭᠡᠨ ᠤ | ᠤᠨᠴᠠᠯᠢᠭ ᠲᠤᠷᠰᠢᠯᠭ᠎ᠠ ᠶᠢ ᠳ᠋ᠦᠩᠨᠡᠨ ᠲᠡᠯᠭᠡᠷᠡᠭᠦᠯᠭᠦ ᠬᠡᠷᠡᠭᠳᠡᠢ᠃ ᠶᠡᠷᠦᠩᠬᠡᠢ ᠳᠤᠨᠢ ᠬᠡᠯᠡᠪᠡᠯ᠂ ᠲᠤᠰᠢᠶᠠᠯ | ᠬᠠᠷᠢᠭᠤᠴᠠᠯᠭ᠎ᠠ ᠪᠠᠨ ᠦᠷ᠎ᠡ ᠪᠦᠳᠦᠮᠵᠢ ᠲᠠᠢ ᠬᠦᠢᠴᠡᠳᠭᠡᠭᠦ ᠠᠵᠢᠯᠯᠠᠭ᠎ᠠ ᠦᠷᠨᠢᠭᠦᠯᠭᠦ ᠪᠠᠷ ᠲᠠᠮᠵᠢᠨ᠂ ︽13.5︾ | ᠶᠢᠨ ᠬᠤᠭᠤᠴᠠᠭᠠᠨ ᠤ ᠲᠦᠯᠦᠪᠵᠢᠭᠦᠯᠭᠡ ᠶᠢ ᠰᠠᠶᠢᠬᠠᠨ ᠡᠬᠢᠯᠡᠭᠦᠯᠬᠦ ᠶᠢ ᠪᠠᠳᠤᠯᠠᠬᠤ᠂ ᠦᠪᠡᠷᠳᠡᠭᠡᠨ ᠵᠠᠰᠠᠬᠤ ᠤᠷᠤᠨ | ᠪᠠᠶᠢᠭᠤᠯᠤᠬᠳᠠᠬᠰᠠᠨ 70 ᠵᠢᠯ ᠤᠨ ᠤᠢ ᠶᠢ ᠤᠬᠳᠤᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ᠂ | ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢ ᠨᠡᠩ ᠦᠵᠡᠰᠭᠦᠯᠡᠩᠳᠦ ᠰᠠᠶᠢᠬᠠᠨ ᠪᠣᠯᠭᠠᠨ | ᠪᠠᠶᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠭᠦ ᠬᠡᠷᠡᠭᠳᠡᠢ ᠬᠡᠵᠡᠢ᠃ | | |