2016 ᠣᠨ ᠤ ᠪᠥᠬᠦ ᠣᠷᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠬᠤ ᠵᠦᠪᠳᠡᠯᠴᠡᠭᠡ ᠵᠢᠴᠢ ᠬᠠᠪᠤᠷ ᠤᠨ ᠤᠯᠠᠷᠢᠯ ᠤᠨ ᠴᠢᠳᠠᠪᠤᠷᠢᠲᠠᠨ ᠤ ᠡᠭᠦᠯᠡᠨ ᠪᠣᠳᠣᠯᠲᠠ ᠶᠢᠨ ᠦᠢᠯᠡᠴᠢᠯᠡᠭᠡᠲᠦ ᠰᠣᠯᠢᠯᠴᠠᠭᠠᠨ ᠤ ᠶᠡᠭᠡ ᠬᠤᠷᠠᠯ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2016/3/23
     3 ᠳ᠋ᠤᠭᠠᠷ ᠰᠠᠷ᠎ᠠ ᠶᠢᠨ 19᠎ ᠤ ᠡᠳᠦᠷ - 20᠎ ᠤ ᠡᠳᠦᠷ ᠪᠤᠯᠲᠠᠯ᠎ᠠ᠂ 2016 ᠣᠨ ᠤ ᠪᠥᠬᠦ ᠣᠷᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠬᠤ ᠵᠦᠪᠳᠡᠯᠴᠡᠭᠡ ᠵᠢᠴᠢ ᠬᠠᠪᠤᠷ ᠤᠨ ᠤᠯᠠᠷᠢᠯ ᠤᠨ ᠴᠢᠳᠠᠪᠤᠷᠢᠲᠠᠨ ᠤ ᠡᠭᠦᠯᠡᠨ ᠪᠣᠳᠣᠯᠲᠠ ᠶᠢᠨ ᠦᠢᠯᠡᠴᠢᠯᠡᠭᠡᠲᠦ ᠰᠤᠯᠢᠯᠴᠠᠭᠠᠨ ᠤ ᠶᠡᠭᠡ ᠬᠤᠷᠠᠯ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ  ᠦᠵᠡᠰᠭᠦᠯᠡᠩ ᠤᠨ ᠲᠥᠪ ᠲᠤ ᠬᠤᠷᠠᠯᠳᠤᠪᠠ᠃ ᠲᠤᠰ ᠤᠳᠠᠭᠠᠨ ᠤ ᠤᠷᠢᠵᠤ ᠡᠯᠰᠡᠬᠦ ᠬᠤᠷᠠᠯ ᠨᠢ ︽ᠠᠵᠢᠯ ᠣᠯᠭᠤᠯᠲᠠ ᠶᠢ  ᠠᠬᠢᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠴᠢᠳᠠᠪᠤᠷᠢᠲᠠᠨ ᠢ ᠲᠥᠪᠯᠡᠷᠡᠭᠦᠯᠬᠦ︾᠎ ᠪᠠᠷ ᠭᠤᠣᠯ ᠰᠡᠳᠦᠪ ᠪᠤᠯᠭᠠᠨ᠂ ᠭᠤᠷᠪᠠᠨ ᠬᠢᠯᠠᠰ ᠴᠢᠭ᠋ ᠢᠯᠡᠷᠡᠭᠰᠡᠨ ᠪᠠᠶᠢᠨ᠎ᠠ᠄      ᠨᠢᠭᠡ ᠳᠤ ︽ᠢᠨᠲ᠋ᠧᠷ ᠰᠦᠯᠵᠢᠶ᠎ᠡ +︾  ᠎ ᠪᠠᠷ ᠲᠤᠬᠠᠶ ᠶᠢᠨ ᠲᠠᠯᠠᠪᠠᠢ ᠶᠢᠨ ᠤᠷᠢᠵᠤ ᠡᠯᠰᠡᠬᠦ ᠠᠵᠢᠯᠯᠠᠭ᠎ᠠ ᠶᠢ ᠡᠮᠬᠢᠯᠡᠨ ᠨᠡᠶᠢᠯᠡᠬᠦᠯᠪᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠢᠨ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠬᠤᠷᠠᠯ ᠤᠨ ᠭᠤᠣᠯ ᠲᠠᠯᠠᠪᠠᠢ ᠲᠤᠬᠢᠷᠠᠭᠤᠯᠵᠤ᠂ ᠪᠦᠬᠦ ᠣᠷᠣᠨ ᠤ 14 ᠠᠶᠢᠮᠠᠭ ᠬᠤᠳᠠ ᠳᠤ ᠬᠤᠷᠠᠯ ᠤᠨ ᠬᠤᠪᠢᠶᠠᠷᠢ ᠲᠠᠯᠠᠪᠠᠢ ᠲᠤᠬᠢᠷᠠᠭᠤᠯᠪᠠ᠃ ᠮᠠᠨ ᠤ ᠣᠷᠣᠨ ᠤ ᠲᠠᠯ᠎ᠠ ᠨᠤᠲᠤᠭ ᠤᠨ ᠤᠶᠤᠨᠴᠢᠷ ᠠᠵᠢᠯ ᠣᠯᠭᠤᠬᠤ ᠡᠭᠦᠯᠡᠨ ᠪᠤᠳᠤᠯᠲᠠ ᠶᠢᠨ ᠲᠠᠪᠴᠠᠩ ᠤᠨ ᠰᠢᠰᠲ᠋ᠧᠮ ᠢᠶᠠᠷ ︽1+14︾᠎ ᠶᠢᠨ ᠲᠤᠬᠠᠶ ᠶᠢᠨ ᠲᠠᠯᠠᠪᠠᠢ ᠶᠢᠨ ᠤᠷᠢᠵᠤ ᠡᠯᠰᠡᠬᠦ ᠬᠤᠷᠠᠯ ᠢ ᠡᠮᠬᠢᠯᠡᠨ ᠨᠡᠶᠢᠯᠡᠭᠦᠯᠵᠦ᠂ ᠠᠬᠤᠢ ᠲᠠᠯᠠᠪᠠᠢ ᠶᠢᠨ ᠮᠡᠳᠡᠭᠡ ᠵᠠᠩᠭᠢ ᠶᠢ ᠬᠤᠯᠪᠣᠭᠠᠯᠠᠨ ᠨᠡᠪᠲᠡᠷᠡᠯᠴᠡᠬᠦ ᠪᠠ ᠲᠤᠬᠠᠶ ᠶᠢᠨ ᠭᠠᠵᠠᠷ ᠲᠤ ᠨᠢ ᠬᠠᠷᠠᠭᠤᠯᠤᠨ ᠬᠠᠷᠢᠯᠴᠠᠨ ᠦᠢᠯᠡᠳᠦᠯᠴᠡᠬᠦ ᠶᠢ ᠪᠡᠶᠡᠯᠡᠬᠦᠯᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠶᠡᠭᠡ ᠬᠡᠮᠵᠢᠶ᠎ᠡ ᠪᠠᠷ ᠠᠵᠢᠯᠴᠢᠨ ᠡᠯᠰᠡᠬᠦ᠂ ᠠᠵᠢᠯ ᠡᠷᠢᠬᠦ ᠵᠠᠪᠰᠢᠶᠠᠨ ᠢ ᠬᠠᠩᠭᠠᠵᠤ᠂ ᠬᠥᠮᠦᠨ ᠬᠡᠷᠡᠭᠯᠡᠬᠦ ᠬᠤᠶᠠᠷ ᠲᠠᠯ᠎ᠠ ᠶᠢᠨ ᠵᠦᠪᠳᠡᠯᠴᠡᠭᠡ ᠪᠠ ᠰᠣᠯᠢᠯᠴᠠᠭ᠎ᠠ ᠶᠢ ᠠᠬᠢᠭᠤᠯᠪᠠ᠃      ᠬᠤᠶᠠᠷ ᠲᠤ ︽ᠢᠨᠲ᠋ᠧᠷ ᠰᠦᠯᠵᠢᠶ᠎ᠡ +︾᠎ ᠪᠠᠷ ᠰᠦᠯᠵᠢᠶᠡᠨ ᠳᠡᠭᠡᠷ᠎ᠡ ᠤᠷᠢᠵᠤ ᠡᠯᠰᠡᠬᠦ ᠠᠵᠢᠯᠯᠠᠭ᠎ᠠ ᠶᠢ ᠡᠮᠬᠢᠯᠡᠨ ᠨᠡᠶᠢᠯᠡᠬᠦᠯᠪᠡ᠃ ᠲᠤᠰ ᠤᠳᠠᠭᠠᠨ ᠤ ᠶᠡᠭᠡ ᠬᠤᠷᠠᠯ ᠤᠨ ᠮᠡᠳᠡᠭᠡ ᠵᠠᠩᠭᠢ ᠶᠢ ᠥᠪᠥᠷ ᠮᠣᠩᠭᠤᠯ ᠤᠨ ᠴᠢᠳᠠᠪᠤᠷᠢᠲᠠᠨ ᠤ ᠰᠦᠯᠵᠢᠶ᠎ᠡ᠂ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡ ᠶᠢᠨ ᠰᠦᠯᠵᠢᠶ᠎ᠡ ᠬᠢᠭᠡᠳ ᠡᠯ᠎ᠡ ᠠᠶᠢᠮᠠᠭ ᠬᠤᠳᠠ ᠶᠢᠨ ᠤᠷᠢᠵᠤ ᠡᠯᠰᠡᠬᠦ ᠰᠦᠯᠵᠢᠶ᠎ᠡ ᠲᠠᠢ ᠤᠷᠭᠠᠨᠢᠭ ᠢᠶᠠᠷ ᠤᠶᠠᠯᠳᠤᠭᠤᠯᠤᠨ ᠬᠠᠮᠲᠤ ᠳᠤᠨᠢ ᠨᠡᠶᠢᠲᠡᠯᠡᠵᠦ᠂ ᠲᠤᠬᠠᠢ ᠶᠢᠨ ᠲᠠᠯᠠᠪᠠᠢ ᠳᠤ ᠣᠶᠤᠲᠠᠨ ᠤ ᠰᠦᠯᠵᠢᠶᠡᠨ ᠳᠡᠭᠡᠷ᠎ᠡ ᠠᠵᠢᠯ ᠡᠷᠢᠬᠦ ᠬᠡᠳᠦ ᠳᠡᠯᠭᠡᠭᠦᠷ ᠤᠨ ᠦᠵᠦᠭᠦᠷ᠂ ᠴᠢᠳᠠᠪᠤᠷᠢᠲᠠᠨ ᠤ E ᠦᠷᠳᠡᠭᠡ᠂ ᠭᠠᠷ ᠢᠶᠠᠷ ᠵᠢᠯᠤᠭᠤᠳᠬᠤ ᠪᠠ ᠭᠠᠷ ᠢᠶᠠᠷ ᠵᠢᠯᠤᠭᠤᠳᠬᠤ ᠰᠢᠯᠵᠢᠮᠡᠯ ᠦᠵᠦᠭᠦᠷ ᠵᠡᠷᠭᠡ ᠤᠯᠠᠨ ᠵᠦᠢᠯ ᠤᠨ ᠤᠷᠢᠵᠤ ᠡᠯᠰᠡᠬᠦ ᠦᠢᠯᠡᠴᠢᠯᠡᠭᠡᠨ ᠤ ᠪᠡᠯᠡᠳᠬᠡᠮᠵᠢ ᠶᠢ ᠲᠤᠬᠢᠷᠠᠭᠤᠯᠵᠤ᠂ ᠪᠢᠴᠢᠯ ᠪᠦᠬᠦᠷᠭᠡ᠂ ᠸᠢᠴᠠᠲ᠂ ᠳᠦᠬᠦᠮ ᠵᠠᠬᠢᠳᠠᠯ ᠵᠡᠷᠭᠡ ᠨᠡᠶᠢᠭᠡᠮ ᠤᠨ ᠬᠠᠷᠢᠯᠴᠠᠭᠠᠨ ᠤ ᠵᠠᠭᠤᠴᠯᠠᠭᠤᠷ ᠢᠶᠠᠷ ᠲᠠᠷᠬᠠᠭᠠᠨ ᠳᠠᠮᠵᠢᠭᠤᠯᠵᠤ᠂ ᠰᠦᠯᠵᠢᠶᠡᠨ ᠳᠡᠭᠡᠷ᠎ᠡ ᠰᠦᠯᠵᠢᠶᠡᠨ ᠤ ᠭᠠᠳᠠᠨ᠎ᠠ᠂ ᠲᠤᠬᠠᠢ ᠶᠢᠨ ᠲᠠᠯᠠᠪᠠᠢ ᠶᠢᠨ ᠳᠤᠲᠤᠨ᠎ᠠ ᠭᠠᠳᠠᠨ᠎ᠠ᠂ ᠣᠷᠣᠨ ᠤ ᠳᠤᠲᠤᠨ᠎ᠠ ᠭᠠᠳᠠᠨᠠᠬᠢ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠷᠢᠯᠴᠠᠨ ᠰᠤᠯᠢᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠬᠦᠴᠦᠨ ᠢ ᠠᠰᠢᠭᠯᠠᠨ ᠨᠡᠩ ᠣᠯᠠᠨ ᠨᠡᠩ ᠰᠠᠶᠢᠨ ᠨᠡᠩ ᠳᠥᠭᠦᠮ ᠳᠥᠲᠡ ᠦᠢᠯᠡᠴᠢᠯᠡᠭᠡᠨ ᠤ ᠦᠢᠯᠡᠳᠬᠦᠨ ᠪᠣᠯᠤᠨ ᠦᠢᠯᠡᠴᠢᠯᠡᠭᠡᠨ ᠤ ᠠᠷᠭ᠎ᠠ ᠮᠠᠶ᠋ᠢᠭ ᠢ ᠬᠠᠨᠭ᠍ᠭᠠᠵᠤ᠂ ᠬᠥᠮᠦᠨ ᠬᠡᠷᠡᠭᠯᠡᠬᠦ ᠬᠤᠶᠠᠷ ᠲᠠᠯ᠎ᠠ ᠶᠢᠨ ᠪᠦᠲᠦᠮᠵᠢᠲᠡᠶ ᠵᠤᠯᠭᠠᠯᠲᠠ ᠶᠢ ᠠᠬᠢᠭᠤᠯᠪᠠ᠃      ᠭᠤᠷᠪᠠ ᠳᠤ ︽ᠢᠨᠲ᠋ᠧᠷ ᠰᠦᠯᠵᠢᠶ᠎ᠡ +︾᠎ ᠪᠠᠷ ᠤᠯᠠᠨ ᠲᠠᠯᠠᠲᠤ ᠲᠠᠪᠴᠠᠩ ᠤᠨ ᠦᠢᠯᠡᠴᠢᠯᠡᠭᠡ ᠶᠢ ᠡᠮᠬᠢᠯᠡᠨ ᠨᠡᠶᠢᠯᠡᠬᠦᠯᠪᠡ᠃ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ᠂ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ᠂ ᠨᠡᠭᠦᠳᠡᠯ ᠨᠠᠮ ᠤᠨ ᠪᠠᠶᠢᠭᠤᠯᠤᠯᠲᠠ᠂ ᠰᠣᠯᠢᠯᠴᠠᠭ᠎ᠠ ᠬᠡᠯᠡᠯᠴᠡᠭᠡᠷ᠂ ᠠᠲᠠᠯ ᠦᠢᠯᠡᠰ ᠴᠤᠭᠴᠠᠯᠠᠬᠤ ᠪᠦᠲᠦᠭᠡᠯᠴᠢ ᠰᠠᠨᠠᠭ᠎ᠠ᠂ ᠪᠡᠯᠡ ᠲᠤᠬᠢᠷᠠᠭᠤᠯᠭ᠎ᠠ ᠶᠢᠨ ᠬᠥᠲᠥᠯᠥᠨ ᠵᠢᠯᠤᠭᠤᠳᠤᠯᠭ᠎ᠠ ᠪᠠ ᠸᠢᠴᠠᠲ ᠤᠨ ᠦᠢᠯᠡᠴᠢᠯᠡᠭᠡ ᠵᠡᠷᠭᠡ 7 ᠦᠢᠯᠡᠴᠢᠯᠡᠭᠡᠨ ᠤ ᠴᠣᠩᠬᠤ ᠶᠢ ᠲᠤᠬᠢᠷᠠᠭᠤᠯᠪᠠ︔ ᠳᠤᠮᠳᠠ ᠵᠢᠵᠢᠭ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡ᠂ ᠮᠡᠷᠭᠡᠵᠢᠯ ᠤᠨ ᠬᠥᠲᠥᠯᠥᠨ ᠳᠠᠭᠠᠭᠤᠯᠭ᠎ᠠ᠂ ᠰᠧᠺᠦ᠋ᠨ᠋ᠳ᠋ ᠤᠨ ᠠᠰᠢᠭᠲᠤ ᠠᠳᠠᠯ ᠦᠢᠯᠡᠰ ᠴᠤᠭᠴᠠᠯᠠᠬᠤ ᠂ ᠥᠷᠭᠡᠳᠬᠡᠭᠰᠡᠨ ᠪᠤᠯᠪᠠᠰᠤᠷᠠᠭᠤᠯᠤᠯ᠂ ᠪᠢᠴᠢᠯ ᠡᠵᠡᠩᠨᠡᠨ ᠪᠤᠷᠤᠯᠠᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠵᠥᠪᠯᠡᠯᠭᠡ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ 7 ᠠᠳᠠᠯ ᠦᠢᠯᠡᠰ ᠴᠣᠭᠴᠠᠯᠠᠬᠤ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠪᠠ︔ ᠲᠠᠯ᠎ᠠ ᠨᠤᠲᠤᠭ ᠤᠨ ᠡᠮᠡᠭᠲᠡᠶ ᠠᠵᠤ ᠠᠬᠤᠶᠢᠯᠠᠯᠲᠠᠨ ᠤ ᠠᠳᠠᠯ ᠦᠢᠯᠡᠰ ᠴᠣᠭᠴᠠᠯᠠᠬᠤ ᠠᠵᠢᠯ ᠣᠯᠭᠤᠬᠤ᠂ ᠨᠡᠭᠦᠳᠡᠯ ᠨᠠᠮ ᠤᠨ ᠭᠡᠰᠢᠭᠦᠨ᠂ ᠬᠤᠷᠠᠯ ᠤᠨ ᠶᠠᠪᠤᠳᠠᠯ ᠤᠨ ᠶᠡᠷᠦᠩᠭᠡᠶᠢᠯᠡᠯ᠂ ᠡᠮ ᠡᠮᠨᠡᠯᠭᠡ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠮᠠᠭᠠᠯᠠᠯᠲᠠ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠤᠭᠴᠠᠯᠠᠬᠤ ᠪᠣᠯᠪᠠᠰᠤᠷᠠᠭᠤᠯᠤᠯ ᠪᠤᠯᠤᠨ ᠠᠮᠢᠳᠤᠯᠢᠭ ᠢᠶᠠᠷ ᠠᠵᠢᠯ ᠣᠯᠭᠤᠬᠤ 6 ᠠᠵᠢᠯ ᠤᠨ ᠦᠷᠳᠡᠭᠡ ᠲᠤᠬᠢᠷᠠᠭᠤᠯᠪᠠ︔ 1 ᠵᠠᠰᠠᠭ ᠤᠨ ᠣᠷᠳᠣᠨ ᠤ ᠮᠡᠳᠡᠭᠡ ᠵᠠᠩᠭᠢ ᠨᠡᠶᠢᠲᠡᠯᠡᠬᠦ ᠲᠠᠯᠠᠪᠠᠶ ᠶᠢ ᠲᠤᠬᠢᠷᠠᠭᠤᠯᠵᠤ᠂ ᠪᠤᠭᠤᠲᠤ ᠬᠤᠲᠠ ᠶᠢᠨ ᠰᠢᠭᠤᠶᠢᠲᠤ ᠲᠣᠭᠤᠷᠢᠭ᠂ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠵᠡᠷᠭᠡ ᠭᠠᠵᠠᠷ ᠣᠷᠣᠨ ᠪᠣᠯᠤᠨ ᠨᠢᠭᠡᠴᠡ ᠳᠤ ᠴᠢᠳᠠᠪᠤᠷᠢᠲᠠᠨ ᠢ ᠤᠷᠤᠭᠤᠯᠵᠤ ᠴᠢᠳᠠᠪᠤᠷᠢᠲᠠᠨ ᠢ ᠬᠡᠷᠡᠭᠯᠡᠬᠦ ᠂ ᠠᠵᠢᠯ ᠣᠯᠭᠤᠬᠤ ᠠᠳᠠᠯ ᠦᠢᠯᠡᠰ ᠴᠤᠭᠴᠠᠯᠠᠬᠤ ᠲᠥᠷᠥ ᠶᠢᠨ ᠪᠤᠳᠤᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠪᠡ᠃ ︽7761︾ ᠣᠯᠠᠨ ᠲᠠᠯᠠᠲᠤ ᠲᠠᠪᠴᠠᠩ ᠤᠨ ᠵᠤᠯᠭᠠᠭᠤᠯᠤᠯᠲᠠ ᠪᠠᠷ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠲᠦᠷᠦᠯ ᠵᠦᠢᠯ ᠤᠨ ᠦᠵᠡᠭᠦᠯᠦᠯᠭᠡ᠂ ᠪᠡᠯᠡ ᠲᠤᠬᠢᠷᠠᠭᠤᠯᠭ᠎ᠠ ᠤᠶᠤᠨ ᠤ ᠲᠤᠬᠢᠷᠠᠭᠤᠯᠭ᠎ᠠ ᠵᠡᠷᠭᠡ ᠤᠯᠠᠨ ᠲᠠᠯ᠎ᠠ ᠶᠢᠨ ᠭᠦᠨ ᠦᠢᠯᠡᠴᠢᠯᠡᠭᠡ ᠶᠢ ᠬᠠᠨᠭ᠍ᠭᠠᠵᠤ᠂ ᠬᠥᠮᠦᠨ ᠬᠡᠷᠡᠭᠯᠡᠬᠦ ᠬᠤᠶᠠᠷ ᠲᠠᠯ᠎ᠠ ᠪᠠᠷ ᠢᠶᠠᠨ ᠲᠤᠬᠠᠶ ᠶᠢᠨ ᠲᠠᠯᠠᠪᠠᠢ ᠳᠤ ᠦᠵᠡᠵᠤ ᠪᠤᠯᠬᠤ ᠬᠡᠷᠡᠭᠯᠡᠵᠦ ᠪᠣᠯᠬᠤ ᠵᠤᠯᠭᠠᠯᠳᠤᠵᠤ ᠪᠤᠯᠬᠤ᠂ ᠬᠤᠶᠢᠰᠢᠳᠠ ᠶᠢᠨ ᠠᠰᠠᠭᠤᠨ ᠯᠠᠪᠯᠠᠵᠤ ᠪᠤᠯᠬᠤ ᠬᠡᠷᠡᠭᠯᠡᠵᠦ ᠪᠤᠯᠬᠤ ᠬᠠᠮᠲᠤᠷᠠᠨ ᠠᠵᠢᠯᠯᠠᠵᠤ ᠪᠤᠯᠬᠤ ᠶᠢ ᠪᠡᠶᠡᠯᠡᠬᠦᠯᠵᠤ᠂ ᠡᠭᠦᠨ ᠤ ᠤᠯᠠᠮ ᠠᠴᠠ ᠴᠢᠳᠠᠪᠤᠷᠢᠲᠠᠨ ᠤ ᠦᠢᠯᠡᠴᠢᠯᠡᠭᠡᠨ ᠤ ᠲᠥᠷᠥᠯ ᠵᠦᠢᠯ ᠢ ᠶᠡᠭᠡ ᠬᠡᠮᠵᠢᠶ᠎ᠡ ᠪᠠᠷ ᠨᠡᠮᠡᠭᠳᠡᠭᠦᠯᠦᠨ᠂ ᠠᠳᠠᠯ ᠦᠢᠯᠡᠰ ᠴᠤᠭᠴᠠᠯᠠᠬᠤ ᠠᠵᠢᠯ ᠤᠯᠭᠤᠬᠤ ᠶᠢ ᠬᠥᠲᠥᠯᠥᠨ ᠵᠢᠯᠣᠭᠤᠳᠴᠤ ᠠᠬᠢᠭᠤᠯᠪᠠ᠃      ᠲᠤᠰ ᠤᠳᠠᠭᠠᠨ ᠤ ᠤᠷᠢᠵᠤ ᠡᠯᠰᠡᠬᠦ ᠬᠤᠷᠠᠯ ᠨᠢ 802 ᠬᠥᠮᠦᠨ ᠬᠡᠷᠡᠭᠯᠡᠬᠦ ᠨᠢᠭᠡᠴᠡ ᠶᠢ ᠵᠤᠬᠢᠶᠠᠨ ᠪᠠᠶᠢᠭᠤᠯᠵᠤ᠂ 32186 ᠠᠵᠢᠯ ᠤᠨ ᠪᠠᠶᠢᠷᠢ ᠬᠠᠨᠭ᠍ᠭᠠᠵᠤ᠂ ᠲᠠᠯᠠᠪᠠᠶ ᠳᠤ ᠣᠷᠣᠵᠤ ᠠᠵᠢᠯ ᠡᠷᠢᠭᠰᠡᠨ ᠬᠥᠮᠦᠨ ᠤ ᠲᠤᠭ᠎ᠠ 63027 ᠬᠥᠮᠦᠨ ︵ᠤᠳᠠᠭ᠎ᠠ︶᠎ ᠳᠤ ᠬᠦᠷᠴᠦ᠂ ᠡᠭᠦᠯᠡᠨ ᠪᠣᠳᠣᠯᠲᠠ ᠶᠢᠨ ᠦᠢᠯᠡᠴᠢᠯᠡᠭᠡᠨ ᠤ ᠰᠦᠯᠵᠢᠶ᠎ᠡ ᠶᠢᠨ ᠬᠠᠷᠠᠭᠠᠯᠵᠠᠭᠰᠠᠨ ᠴᠠᠭ ᠲᠤ ᠤᠷᠤᠵᠤ ᠦᠵᠡᠭᠰᠡᠨ ᠶᠡᠷᠦᠩᠬᠡᠶ ᠬᠡᠮᠵᠢᠶ᠎ᠡ 39 ᠲᠦᠮᠡᠨ ᠬᠥᠮᠦᠨ ᠤᠳᠠᠭ᠎ᠠ ᠶᠢ ᠳᠠᠪᠠᠵᠤ᠂ 6871 ᠬᠥᠮᠦᠨ ᠳᠤ ᠠᠵᠢᠯ ᠣᠯᠭᠤᠬᠤ ᠬᠠᠨᠳᠤᠰᠢ ᠶᠢ ᠬᠠᠨᠭ᠍ᠭᠠᠪᠠ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠭᠤᠣᠯ ᠲᠠᠯᠠᠪᠠᠢ ᠳᠤ 620 ᠬᠥᠮᠦᠨ ᠬᠡᠷᠡᠭᠯᠡᠬᠦ ᠨᠢᠭᠡᠴᠡ ᠶᠢ ᠵᠣᠬᠢᠶᠠᠨ ᠪᠠᠶᠢᠭᠤᠯᠵᠤ ᠂ 22498 ᠠᠵᠢᠯ ᠤᠨ ᠪᠠᠶᠢᠷᠢ ᠶᠢ ᠬᠠᠨᠭ᠍ᠭᠠᠵᠤ᠂ ᠲᠠᠯᠠᠪᠠᠶ ᠳᠤ ᠣᠷᠣᠵᠤ ᠠᠵᠢᠯ ᠡᠷᠢᠭᠰᠡᠨ ᠬᠥᠮᠦᠨ ᠤ ᠲᠤᠭ᠎ᠠ 50803 ᠬᠥᠮᠦᠨ ︵ᠤᠳᠠᠭ᠎ᠠ︶᠎ ᠳᠤ ᠬᠦᠷᠴᠦ᠂ 5037 ᠬᠥᠮᠦᠨ ᠳᠤ ᠠᠵᠢᠯ ᠣᠯᠭᠤᠬᠤ ᠬᠠᠨᠳᠤᠰᠢ ᠶᠢ ᠬᠠᠨᠭ᠍ᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号