ᠥᠪᠥᠷ ᠮᠣᠩᠭᠤᠯ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2016/3/24
     23᠎ ᠤ ᠡᠳᠦᠷ᠂ 2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠬᠢᠩᠭᠠᠨ ᠠᠶᠢᠮᠠᠭ ᠤᠨ ᠤᠯᠠᠭᠠᠨᠬᠤᠲᠠ ᠳᠤ ᠶᠠᠪᠤᠭᠳᠠᠵᠠᠢ᠃ ᠲᠤᠰ ᠤᠳᠠᠭᠠᠨ ᠤ ᠤᠷᠤᠯᠳᠤᠭᠠᠨ ᠳᠤ ᠨᠡᠶᠢᠲᠡ 9 ᠲᠤᠰᠬᠠᠶ ᠮᠡᠷᠭᠡᠵᠢᠯ ᠤᠨ ᠲᠥᠷᠥᠯ ᠤᠨ 42 ᠵᠦᠢᠯ ᠢ ᠤᠷᠦᠯᠳᠦᠬᠤ ᠪᠠᠷ ᠲᠣᠬᠢᠷᠠᠭᠤᠯᠤᠨ᠂ ᠪᠦᠬᠦ ᠣᠷᠣᠨ ᠤ 12 ᠠᠶᠢᠮᠠᠭ ᠬᠤᠳᠠ ᠶᠢᠨ 1114 ᠰᠣᠷᠣᠭᠴᠢ ᠣᠷᠣᠯᠴᠠᠵᠤ᠂ ᠲᠡᠦᠬᠡᠨ ᠰᠢᠨ᠎ᠡ ᠲᠡᠮᠳᠡᠭᠯᠡᠯ ᠢ ᠡᠭᠦᠳᠪᠡ᠃      ᠤᠷᠤᠯᠳᠤᠭᠠᠨ ᠤ ᠬᠤᠭᠤᠴᠠᠭᠠᠨ ᠳᠤ᠂ ᠪᠠᠰᠠ ᠪᠥᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠵᠢᠷᠭᠤᠳᠤᠭᠠᠷ ᠬᠤᠭᠤᠴᠠᠭᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠰᠤᠷᠤᠭᠴᠢᠳ ᠤᠨ ᠤᠷᠠᠨ ᠪᠢᠴᠢᠯᠭᠡ᠂ ᠵᠢᠷᠤᠭ ᠵᠢᠷᠤᠬᠤ᠂ ᠰᠡᠭᠦᠳᠡᠷᠯᠡᠬᠦ᠂ ᠦᠨᠳᠦᠰᠦᠲᠡᠨ ᠤ ᠰᠣᠶᠣᠯ ᠤᠨ ᠤᠯᠠᠮᠵᠢᠯᠠᠯ ᠤᠨ ︵ᠭᠠᠷ ᠤᠷᠠᠯᠠᠯ ᠤᠨ ᠪᠦᠲᠦᠭᠡᠭᠳᠡᠬᠦᠨ︶ ᠭᠠᠷ ᠤᠷᠠᠯᠠᠯ ᠤᠨ ᠪᠦᠲᠦᠭᠡᠭᠳᠡᠬᠦᠨ᠂ ᠰᠤᠷᠤᠭᠴᠢᠳ ᠤᠨ ᠪᠣᠯᠪᠠᠰᠤᠨ ᠬᠡᠪ ᠨᠠᠮᠪᠠᠭ᠎ᠠ ᠶᠢ ᠢᠯᠡᠷᠡᠭᠦᠯᠬᠦ ᠪᠥᠲᠦᠭᠡᠯ ᠤᠨ ᠦᠵᠡᠰᠬᠦᠯᠡᠩ ᠵᠢᠴᠢ ᠰᠤᠷᠤᠭᠴᠢᠳ ᠤᠨ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠵᠡᠷᠭᠡ ᠠᠯᠢ ᠣᠯᠠᠨ ᠠᠵᠢᠯᠯᠠᠭ᠎ᠠ ᠶᠢ ᠡᠷᠬᠢᠯᠡᠵᠦ᠂ ᠪᠦᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ 4000 ᠭᠠᠷᠤᠶ ᠪᠠᠭᠰᠢ ᠰᠤᠷᠤᠭᠴᠢᠳ ᠣᠷᠣᠯᠴᠠᠪᠠ᠃      ᠣᠶᠢᠯᠠᠭᠠᠭᠰᠠᠨ ᠢᠶᠠᠷ᠂ ᠥᠪᠥᠷ ᠮᠣᠩᠭᠤᠯ 2007 ᠣᠨ ᠨᠠᠰᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠢ ᠵᠢᠯ ᠪᠦᠷᠢ ᠡᠷᠬᠢᠯᠡᠵᠦ᠂ ᠤᠷᠤᠯᠳᠤᠭᠠᠨ ᠡᠷᠬᠢᠯᠡᠬᠦ ᠬᠡᠪᠴᠢᠶ᠎ᠡ ᠵᠢᠯ ᠳᠠᠷᠠᠭᠠᠯᠠᠨ ᠥᠷᠭᠡᠳᠴᠦ᠂ ᠤᠷᠤᠯᠳᠤᠭᠠᠨ ᠤ ᠬᠢᠷᠢ ᠬᠡᠮᠵᠢᠶ᠎ᠡ ᠵᠢᠯ ᠳᠠᠷᠠᠭᠠᠯᠠᠨ ᠳᠡᠭᠡᠭᠰᠢᠯᠡᠪᠡ᠃ 2015 ᠣᠨ ᠳᠤ ᠥᠪᠥᠷ ᠮᠣᠩᠭᠤᠯ ᠰᠤᠷᠤᠭᠴᠢᠳ ᠢ ᠵᠣᠬᠢᠶᠠᠨ ᠪᠠᠶᠢᠭᠤᠯᠤᠨ ᠪᠦᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠵᠤ᠂ ᠬᠤᠶᠠᠳᠤᠭᠠᠷ ᠳᠡᠰ ᠤᠨ ᠱᠠᠩᠨᠠᠯ 3᠂ ᠭᠤᠷᠪᠠᠳᠤᠭᠠᠷ ᠳᠡᠰ ᠤᠨ ᠱᠠᠩᠨᠠᠯ 12 ᠣᠯᠪᠠ᠂ ᠰᠤᠷᠤᠭᠴᠢᠳ ᠤᠨ ᠮᠡᠷᠭᠡᠵᠢᠯ ᠴᠢᠳᠠᠪᠤᠷᠢ ᠶᠢᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠤᠷᠤᠯᠳᠤᠭᠠᠨ ᠳᠤ ᠣᠷᠣᠯᠴᠠᠭᠠᠳ ᠨᠢᠭᠡᠳᠦᠭᠡᠷ ᠳᠡᠰ ᠤᠨ ᠱᠠᠩᠨᠠᠯ 5᠂ ᠬᠤᠶᠠᠳᠤᠭᠠᠷ ᠳᠡᠰ ᠤᠨ ᠱᠠᠩᠨᠠᠯ 13᠂ ᠭᠤᠷᠪᠠᠳᠤᠭᠠᠷ ᠳᠡᠰ ᠤᠨ ᠱᠠᠩᠨᠠᠯ 17 ᠣᠯᠵᠣ᠂ ᠥᠪᠡᠷᠲᠡᠭᠡᠨ ᠵᠠᠰᠠᠬᠤ ᠣᠷᠣᠨ ︽ᠰᠢᠯᠢᠳᠡᠭ ᠵᠣᠬᠢᠶᠠᠨ ᠪᠠᠶᠢᠭᠤᠯᠤᠭᠴᠢ ᠶᠢᠨ ᠱᠠᠩᠨᠠᠯ︾ ᠬᠦᠷᠳᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号