ᠲᠡᠷᠢᠭᠦᠨ ᠵᠡᠷᠭᠡ ᠶᠢᠨ ᠬᠠᠮᠢᠶᠠᠷᠤᠯᠲᠠ ᠪᠠᠷ ᠲᠡᠷᠢᠭᠦᠨ ᠵᠡᠷᠭᠡ ᠶᠢᠨ ᠡᠩᠨᠡᠭᠡ ᠶᠢ ᠳᠠᠭᠠᠭᠤᠯᠵᠤ᠂ ᠲᠡᠷᠢᠭᠦᠨ ᠵᠡᠷᠭᠡ ᠶᠢᠨ ᠦᠢᠯᠡᠴᠢᠯᠡᠭᠡ ᠪᠠᠷ ᠲᠡᠷᠢᠭᠦᠨ ᠵᠡᠷᠭᠡ ᠶᠢᠨ ᠦᠷ᠎ᠡ ᠠᠰᠢᠭ ᠢ ᠪᠤᠢ ᠪᠤᠯᠭᠠᠶ᠎ᠠ
ᠨᠡᠶᠢᠲᠡᠯᠡᠭᠰᠡᠨ ᠴᠠᠭ᠄
2016/3/24
     2016 ᠤᠨ ᠤ 3 ᠳ᠋ᠤᠭᠠᠷ ᠰᠠᠷ᠎ᠠ ᠶᠢᠨ 18᠎ ᠤ ᠡᠳᠦᠷ ᠤᠨ ᠦᠳᠡ ᠶᠢᠨ ᠡᠮᠦᠨ᠎ᠡ᠂ ᠪᠥᠬᠦ ᠣᠷᠣᠨ ᠤ ᠵᠠᠰᠠᠮᠠᠯ ᠵᠠᠮ ᠤᠨ ᠶᠠᠪᠤᠳᠠᠯ ᠤᠨ ᠬᠠᠤᠯᠢ ᠬᠡᠷᠡᠭᠵᠢᠬᠦᠯᠬᠦ ᠬᠢᠨᠠᠨ ᠪᠠᠶᠢᠴᠠᠭᠠᠯᠲᠠ ᠵᠢᠴᠢ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠥᠬᠡᠬᠤᠲᠠ ᠳᠤ ᠲᠡᠭᠦᠰ ᠠᠮᠵᠢᠯᠲᠠ ᠲᠠᠢ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠳ᠋ᠠᠢ ᠬᠦᠢ ᠨᠦᠬᠦᠷ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠢᠩᠬᠢᠮ ᠤ ᠠᠵᠢᠯᠲᠠᠨ ᠤ ᠶᠠᠪᠤᠳᠠᠯ ᠤᠨ ᠭᠠᠵᠠᠷ ᠤᠨ ᠳᠠᠷᠤᠭ᠎ᠠ ᠯᠢᠦᠢ ᠵᠧᠨ ᠬᠤᠸᠠ᠂ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠭᠠᠵᠠᠷ ᠤᠨ ᠳᠠᠷᠤᠭ᠎ᠠ ᠸᠠᠩ ᡁᠢ ᠴᠢᠶᠠᠩ᠂ ᠡᠳ᠋ ᠤᠨ ᠶᠠᠪᠤᠳᠠᠯ ᠤᠨ ᠭᠠᠵᠠᠷ ᠤᠨ ᠳᠠᠷᠤᠭ᠎ᠠ ᠯᠢ ᠪᠦᠸᠧ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ ᠮᠸᠡᠭ ᠵᠢᠶ ᠱᠧᠩ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠴᠢᠶᠤᠸᠠᠨ ᠵᠢᠶᠦ᠋ᠨ ᠴᠢᠩ ᠬᠤᠷᠠᠯ ᠳᠤ ᠣᠷᠣᠯᠴᠠᠪᠠ᠃ ᠶᠡᠷᠦᠩᠬᠡᠶ ᠠᠩᠭᠢ ᠶᠢᠨ ᠳᠠᠷᠤᠭ᠎ᠠ ᠯᠢ ᠲᠢᠶᠧ ᠰᠢᠶᠤᠤ ᠶᠡᠷᠦᠩᠬᠡᠶ ᠠᠩᠬᠢ ᠶᠢᠨ ᠡᠮᠦᠨ᠎ᠡ ᠠᠴᠠ ︽ᠲᠡᠷᠢᠭᠦᠨ ᠵᠡᠷᠭᠡ ᠶᠢᠨ ᠬᠠᠮᠢᠶᠠᠷᠤᠯᠲᠠ ᠪᠠᠷ ᠲᠡᠷᠢᠭᠦᠨ ᠵᠡᠷᠭᠡ ᠶᠢᠨ ᠡᠩᠨᠡᠭᠡ ᠶᠢ ᠳᠠᠭᠠᠭᠤᠯᠵᠤ᠂ ᠲᠡᠷᠢᠬᠦᠨ ᠵᠡᠷᠭᠡ ᠶᠢᠨ ᠦᠢᠯᠡᠴᠢᠯᠡᠭᠡ ᠪᠠᠷ ᠲᠡᠷᠢᠭᠦᠨ ᠵᠡᠷᠭᠡ ᠶᠢᠨ ᠦᠷ᠎ᠡ ᠠᠰᠢᠭ ᠢ ᠪᠤᠢ ᠪᠤᠯᠭᠠᠵᠤ᠂ ᠬᠠᠤᠯᠢ ᠶᠢ ᠬᠡᠷᠡᠭᠵᠢᠭᠦᠯᠬᠦ ᠰᠠᠬᠢᠯᠭ᠎ᠠ ᠪᠠᠲᠤ ᠶᠢ ᠬᠡᠷᠡᠭᠵᠢᠭᠦᠯᠬᠦ ᠬᠢᠨᠠᠨ ᠪᠠᠶᠢᠴᠠᠭᠠᠬᠤ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠦᠬᠦ ᠲᠠᠯ᠎ᠠ ᠪᠠᠷ ᠡᠭᠦᠳᠦᠨ ᠪᠠᠶᠢᠭᠤᠯᠤᠶ᠎ᠠ︾  ᠬᠡᠬᠦ ᠭᠠᠷᠴᠠᠭ ᠢᠶᠠᠷ ᠠᠵᠢᠯ ᠤᠨ ᠮᠡᠳᠡᠭᠦᠯᠦᠯᠲᠡ ᠬᠢᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠵᠠᠩ ᡁᠢ ᠴᠢᠶᠤᠸᠠᠨ ᠬᠤᠷᠠᠯ ᠡᠷᠬᠢᠯᠡᠨ᠂ ᠳᠡᠳ᠋ ᠶᠡᠷᠦᠩᠬᠡᠶ ᠳᠠᠷᠤᠭ᠎ᠠ ᠯᠦ ᠶᠠᠩ᠂  ᠯᠢᠤ ᡁᠢ ᠫᠢᠡᠭ ᠬᠤᠷᠠᠯ ᠳᠤ ᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ 2016 ᠣᠨ ᠳᠤ ᠪᠦᠬᠦ ᠰᠢᠰᠲ᠋ᠧᠮ ᠤᠨ ᠬᠢᠨ ᠠᠵᠢᠯ ᠲᠦᠷᠦᠯ ᠬᠠᠤᠯᠢ ᠬᠡᠷᠡᠭᠵᠢᠭᠦᠯᠬᠦ ᠰᠠᠬᠢᠯᠭ᠎ᠠ ᠪᠠᠲᠤ ᠬᠡᠷᠡᠭᠵᠢᠬᠦᠯᠬᠦ ᠬᠢᠨᠠᠨ ᠪᠠᠶᠢᠴᠠᠭᠠᠬᠤ ᠠᠵᠢᠯ ᠢ ᠲᠦᠷᠭᠡᠳᠭᠡᠨ ᠲᠦᠯᠬᠢᠨ ᠠᠬᠢᠭᠤᠯᠬᠤ ᠪᠠᠷ ᠭᠠᠷᠳᠠᠴᠠ ᠪᠤᠯᠭᠠᠨ᠂ ᠲᠡᠷᠢᠭᠦᠨ ᠵᠡᠷᠭᠡ ᠶᠢᠨ ᠬᠠᠮᠢᠶᠠᠷᠤᠯᠲᠠ ᠪᠠᠷ ᠲᠡᠷᠢᠭᠦᠨ ᠵᠡᠷᠭᠡ ᠶᠢᠨ ᠡᠩᠨᠡᠭᠡ ᠶᠢ ᠳᠠᠭᠠᠭᠤᠯᠵᠤ᠂ ᠲᠡᠷᠢᠭᠦᠨ ᠵᠡᠷᠭᠡ ᠶᠢᠨ ᠦᠢᠯᠡᠴᠢᠯᠡᠭᠡ ᠶᠢ ᠡᠭᠦᠳᠴᠦ᠂ ᠲᠡᠷᠢᠭᠦᠨ ᠵᠡᠷᠭᠡ ᠶᠢᠨ ᠳᠦᠷᠢ ᠲᠥᠷᠬᠦ ᠶᠢ ᠪᠤᠢ ᠪᠤᠯᠭᠠᠵᠤ᠂ ᠲᠡᠷᠢᠭᠦᠨ ᠵᠡᠷᠭᠡ ᠶᠢᠨ ᠬᠠᠤᠯᠢ ᠬᠡᠷᠡᠭᠵᠢᠭᠦᠯᠬᠦ ᠰᠠᠬᠢᠯᠭ᠎ᠠ ᠪᠠᠲᠤ ᠬᠢᠨᠠᠨ ᠪᠠᠶᠢᠴᠠᠭᠠᠬᠤ ᠠᠵᠢᠯ ᠲᠥᠷᠥᠯ ᠤᠨ ᠦᠯᠢᠭᠡᠷ ᠵᠢᠱᠢᠶ᠎ᠡ ᠶᠢ ᠴᠤᠭᠴᠠᠯᠠᠬᠤ ᠬᠡᠷᠡᠭᠲᠠᠢ᠃ ᠨᠢᠭᠡ ᠳᠤ᠂ ᠵᠡᠮ ᠤᠨ ᠶᠠᠪᠤᠳᠠᠯ ᠤᠨ ᠬᠠᠤᠯᠢ ᠬᠡᠷᠡᠭᠵᠢᠭᠦᠯᠬᠦ ᠬᠢᠨᠠᠨ ᠪᠠᠶᠢᠴᠠᠭᠠᠯᠲᠠ᠂ ᠰᠦᠢᠳᠬᠡᠯ ᠬᠤᠷᠢᠶᠠᠬᠤ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠰᠠᠬᠢᠯᠭ᠎ᠠ ᠪᠠᠲᠤ ᠶᠢᠨ ᠬᠢᠨᠠᠨ ᠪᠠᠶᠢᠴᠠᠭᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠬᠦᠯᠬᠦ ᠬᠡᠷᠡᠭᠲᠠᠢ︔ ᠬᠤᠶᠠᠷ ᠲᠤ᠂ ᠵᠡᠭᠦᠨ ᠬᠡᠰᠡᠭ ᠭᠠᠵᠠᠷ ᠣᠷᠣᠨ ᠤ ᠳᠡᠭᠡᠲᠦ ᠬᠤᠷᠳᠤ ᠶᠢᠨ ᠵᠠᠮ ᠤᠨ ᠰᠦᠯᠵᠢᠶ᠎ᠡ ᠠᠴᠠ ᠰᠦᠢᠳᠬᠡᠯ ᠬᠤᠷᠢᠶᠠᠬᠤ ᠪᠤᠯᠤᠨ ETC ᠰᠦᠯᠵᠢᠶ᠎ᠡ ᠵᠠᠯᠭᠠᠬᠤ ᠶᠢ ᠪᠦᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ︔ ᠭᠤᠷᠪᠠ ᠳᠤ᠂ ᠰᠢᠭᠤᠳ ᠬᠠᠮᠢᠶᠠᠷᠴᠤ ᠪᠦᠬᠦᠢ ᠵᠠᠮ ᠨᠡᠪᠲᠡᠷᠡᠯᠭᠡ ᠠᠴᠠ 16.2 ᠳ᠋ᠦᠩᠰᠢᠭᠤᠷ ᠲᠥᠭᠦᠷᠢᠭ ᠤᠨ ᠰᠦᠢᠳᠬᠡᠯ ᠬᠤᠷᠢᠶᠠᠵᠤ᠂ 17 ᠳ᠋ᠦᠩᠰᠢᠭᠤᠷ ᠲᠥᠭᠦᠷᠢᠭ ᠲᠤ ᠬᠦᠷᠦᠭᠦᠯᠭᠦ ᠪᠠᠷ ᠴᠢᠷᠮᠠᠶᠢᠬᠤ ᠭᠡᠷᠡᠭᠲᠠᠢ︔ ᠲᠦᠷᠪᠡ ᠳᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠡᠩᠨᠡᠭᠡᠨ ᠤ ᠪᠠᠶᠢᠭᠤᠯᠤᠯᠲᠠ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠬᠦ ᠬᠡᠷᠡᠭᠲᠡᠶ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠠᠤᠯᠢ ᠬᠡᠷᠡᠭᠵᠢᠭᠦᠯᠬᠦ ᠰᠠᠬᠢᠯᠭ᠎ᠠ ᠪᠠᠲᠤ ᠬᠡᠷᠡᠭᠵᠢᠭᠦᠯᠬᠦ ᠬᠢᠨᠠᠨ ᠪᠠᠶᠢᠴᠠᠭᠠᠯᠲᠠ ᠪᠠ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ᠂ ᠳᠡᠭᠡᠲᠦ ᠬᠤᠷᠳᠤ ᠶᠢᠨ ᠵᠠᠮ ᠤᠨ ᠰᠦᠯᠵᠢᠶ᠎ᠡ ᠶᠢᠨ ᠰᠦᠢᠳᠬᠡᠯ ᠬᠤᠷᠢᠶᠠᠬᠤ ᠠᠵᠢᠯᠯᠠᠭᠠᠨ ᠤ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠬᠢᠨᠠᠨ ᠪᠤᠳᠤᠯᠳᠠ ᠶᠢᠨ ᠬᠢᠨᠠᠯᠲᠠ᠂ ᠰᠢᠭᠤᠳ ᠬᠠᠮᠢᠶᠠᠷᠴᠤ ᠪᠦᠬᠦᠢ ᠰᠦᠢᠳᠬᠡᠯ ᠬᠤᠷᠢᠶᠠᠬᠤ ᠬᠠᠮᠢᠶᠠᠷᠤᠯᠲᠠ᠂ ᠵᠠᠰᠠᠮᠠᠯ ᠵᠡᠮ ᠤᠨ ᠶᠠᠪᠤᠳᠠᠯ ᠪᠤᠯᠤᠨ ᠠᠴᠢᠶ᠎ᠠ ᠠᠴᠠ ᠬᠡᠲᠦᠷᠡᠭᠦᠯᠬᠦ ᠶᠢ ᠵᠠᠰᠠᠬᠤ ᠬᠠᠤᠯᠢ ᠬᠡᠷᠡᠭᠵᠢᠭᠦᠯᠦᠯᠲᠡ᠂ ᠺᠠᠳ᠋ᠷ ᠠᠵᠢᠯᠳᠡᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠵᠡᠷᠭᠡ ᠨᠠᠢᠮᠠᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠬᠡᠷᠡᠭᠲᠡᠶ ᠬᠡᠪᠡ᠃      ᠬᠤᠷᠠᠯ ᠳᠡᠭᠡᠷ᠎ᠡ᠂ ᠶᠡᠷᠦᠩᠬᠡᠶ ᠳᠠᠷᠤᠭ᠎ᠠ ᠯᠢ ᠲᠢᠶᠧ ᠰᠢᠶᠤᠤ ᠡᠯ᠎ᠡ ᠰᠠᠯᠪᠤᠷᠢ ᠠᠩᠭᠢ ᠬᠢᠭᠡᠳ ᠴᠠᠩ ᠵᠢᠶᠧ ᠺᠣᠮᠫᠠᠨᠢ ᠶᠢᠨ ᠬᠠᠷᠢᠭᠤᠴᠠᠯᠭᠠᠲᠠᠨ ᠲᠠᠢ 2016 ᠣᠨ ᠤ ᠬᠠᠷᠠᠯᠲᠠ ᠶᠢᠨ ᠬᠠᠷᠢᠭᠤᠴᠠᠯᠭ᠎ᠠ ᠶᠢᠨ ᠪᠢᠴᠢᠭ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃ ᠡᠯ᠎ᠡ ᠰᠠᠯᠪᠤᠷᠢ ᠠᠩᠭᠢ ᠶᠢᠨ ᠬᠠᠷᠢᠭᠤᠴᠠᠯᠭᠠᠲᠠᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠤᠪᠢᠳᠠᠨ ᠬᠠᠮᠢᠶᠠᠷᠴᠤ ᠪᠦᠬᠦᠢ ᠲᠤᠬᠠᠶᠢᠯᠠᠭᠰᠠᠨ ᠠᠵᠢᠯ ᠤᠨ ᠳᠡᠳ᠋ ᠳᠠᠷᠤᠭ᠎ᠠ᠂ ᠡᠳ᠋ ᠤᠨ ᠵᠠᠰᠠᠭ ᠬᠢᠨᠠᠨ ᠪᠤᠳᠤᠯᠲᠠ ᠶᠢᠨ ᠰᠠᠯᠠᠭᠠᠨ ᠤ ᠳᠠᠷᠤᠭ᠎ᠠ᠂ ᠴᠠᠩ ᠵᠢᠶᠧ ᠺᠣᠮᠫᠠᠨᠢ ᠶᠢᠨ ᠤᠳᠤᠷᠢᠳᠬᠤ ᠪᠠᠭ ᠪᠣᠯᠤᠨ ᠶᠡᠷᠦᠩᠬᠡᠶ ᠠᠩᠭᠢ ᠶᠢᠨ ᠪᠦᠬᠦ ᠺᠠᠳ᠋ᠷ ᠠᠵᠢᠯᠲᠠᠨ ᠠᠵᠢᠯᠴᠢᠳ ᠨᠡᠶᠢᠲᠡ 150 ᠬᠥᠮᠦᠨ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号