2016 ᠣᠨ ᠳᠤ ᠪᠤᠭᠤᠲᠤ ᠬᠤᠲᠠ ᠠᠵᠢᠯ ᠣᠯᠭᠤᠯᠲᠠ ᠪᠠ ᠠᠵᠢᠯ ᠠᠯᠳᠠᠯᠲᠠ ᠶᠢ ᠳᠠᠩᠰᠠᠯᠠᠬᠤ ᠠᠵᠢᠯ ᠤᠨ | ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠶᠢ ᠶᠡᠬᠡᠪᠡᠷ ᠨᠡᠭᠡᠭᠡᠨ ᠬᠦᠭᠵᠢᠭᠦᠯᠵᠤ᠂ ᠪᠦᠬᠦ ᠵᠢᠯ ᠳᠤ 2300 ᠠᠵᠢᠯ ᠤᠨ ᠪᠠᠶᠢᠷᠢ ᠶᠢ ᠨᠡᠭᠡᠭᠡᠵᠤ᠂ ᠡᠯ᠎ᠡ | ᠲᠦᠷᠦᠯ ᠤᠨ ᠠᠵᠢᠯ ᠤᠯᠬᠤ ᠳᠤ ᠬᠦᠴᠢᠷᠲᠡᠶ ᠬᠥᠮᠦᠰ ᠢ ᠲᠥᠪᠬᠢᠨᠡᠭᠦᠯᠬᠦ ᠪᠠᠷ ᠪᠠᠶᠢᠨ᠎ᠠ᠃ ᠡᠨᠡ ᠵᠢᠯ ᠪᠤᠭᠤᠲᠤ | ᠬᠤᠲᠠ ᠬᠤᠲᠠ ᠬᠥᠳᠡᠭᠡ ᠶᠢ ᠨᠢᠭᠡ ᠴᠤᠭᠴᠠᠵᠢᠭᠤᠯᠤᠭᠰᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠨᠳᠦᠰᠦᠨ | ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠠᠵᠢᠯ ᠤᠯᠬᠤ ᠳᠤ ᠬᠦᠴᠢᠷᠲᠡᠶ ᠬᠥᠮᠦᠰ ᠢ ᠲᠤᠰᠠᠯᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠵᠤ᠂ ᠠᠵᠢᠯ ᠤᠯᠬᠤ ᠳᠤ ᠬᠦᠴᠢᠷᠲᠡᠶ ᠬᠥᠮᠦᠰ ᠢ ᠦᠨᠡᠮᠰᠢᠬᠦ ᠠᠵᠢᠯ ᠢ ᠬᠤᠰᠢᠭᠤ ᠰᠢᠶᠠᠨ ᠲᠣᠭᠤᠷᠢᠭ ᠲᠤ | ᠬᠦᠷᠲᠡᠯ᠎ᠡ ᠪᠠᠭᠤᠯᠭᠠᠵᠤ᠂ ᠤᠯᠡᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠶᠠᠭ ᠠᠵᠢᠯ ᠤᠯᠭᠤᠯᠲᠠ ᠦᠭᠡᠢ | ᠭᠡᠷ ᠪᠦᠯᠢ ᠦᠭᠡᠢ ᠪᠤᠯᠭᠠᠬᠤ ᠶᠢ ᠪᠠᠲᠤᠯᠠᠬᠤ ᠪᠣᠯᠤᠨ᠎ᠠ᠃ ᠡᠭᠦᠨ ᠤ ᠬᠠᠮᠲᠤ᠂ ᠪᠤᠭᠤᠲᠤ ᠬᠤᠳᠠ ᠪᠠᠰᠠ ᠤᠯᠠᠨ | ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ | ᠵᠢᠯ ᠳᠤ ᠨᠢᠭᠡ ᠪᠦᠯᠦᠭ ᠵᠡᠭᠡᠯᠢ ᠭᠤᠳᠤᠮᠵᠢ ︵ᠰᠢᠶᠠᠩ ᠪᠠᠯᠭᠠᠰᠤ︶ ᠪᠤᠯᠤᠨ ᠨᠡᠶᠢᠭᠡᠮ ᠲᠣᠭᠤᠷᠢᠭ ︵ᠭᠠᠴᠠᠭ᠎ᠠ | ᠲᠣᠰᠬᠤᠨ︶ ᠤᠨ ᠠᠵᠢᠯ ᠤᠯᠭᠤᠬᠤ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠤ ᠲᠠᠪᠴᠠᠩ ᠢ ᠥᠭᠡᠷᠡᠴᠢᠯᠡᠵᠦ | ᠥᠷᠭᠡᠳᠬᠡᠨ ᠪᠠᠶᠢᠭᠤᠯᠬᠤ ᠪᠠᠷ ᠪᠠᠶᠢᠨ᠎ᠠ᠃ ᠤᠬᠠᠭᠤᠯᠭ᠎ᠠ ᠪᠤᠯᠤᠨ ᠲᠤᠰᠬᠠᠶ ᠵᠦᠢᠯ ᠤᠨ ᠦᠢᠯᠡᠴᠢᠯᠡᠭᠡᠨ ᠤ ᠡᠷᠴᠢᠮ ᠢ | ᠴᠢᠩᠭᠠᠷᠠᠭᠤᠯᠵᠤ᠂ ᠪᠤᠭᠤᠲᠤ ᠶᠢᠨ ᠠᠵᠢᠯ ᠤᠯᠭᠤᠬᠤ ᠠᠳᠠᠯ ᠦᠢᠯᠡᠰ ᠴᠤᠭᠴᠠᠯᠠᠬᠤ ᠰᠦᠯᠵᠢᠶ᠎ᠡ ᠪᠤᠯᠤᠨ | ᠪᠤᠭᠤᠲᠤ ᠶᠢᠨ ᠠᠵᠢᠯ ᠣᠯᠭᠤᠯᠲᠠ ᠶᠢᠨ ᠸᠢᠴᠠᠲ ᠢ ᠪᠦᠷᠢᠨᠰᠢᠬᠦᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ︽ᠠᠵᠢᠯ ᠣᠯᠭᠤᠬᠤ ᠲᠤᠰᠠᠯᠠᠮᠵᠢ ᠶᠢᠨ ᠰᠠᠷ᠎ᠠ︾᠂ ︽ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ | ᠤᠷᠢᠵᠤ ᠡᠯᠰᠡᠬᠦ ᠭᠠᠷᠠᠭ︾ ᠵᠡᠷᠭᠡ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠤᠰᠬᠠᠶ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠵᠢᠯ ᠣᠯᠭᠤᠬᠤ ᠦᠢᠯᠡᠴᠢᠯᠡᠭᠡᠨ ᠤ ᠬᠠᠨᠳᠤᠯᠭᠠᠲᠤ ᠴᠢᠨᠠᠷ ᠢ ᠦᠨᠡᠨ ᠬᠦ | ᠳᠡᠭᠡᠭᠰᠢᠯᠡᠭᠦᠯᠬᠦ ᠪᠤᠯᠤᠨ᠎ᠠ᠃ ᠠᠵᠢᠯ ᠣᠯᠭᠤᠬᠤ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ | ᠬᠦᠮᠦᠨ ᠬᠡᠷᠡᠭᠯᠡᠬᠦ ᠠᠵᠤ ᠠᠬᠤᠶᠢᠯᠠᠯ ᠪᠣᠯᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ᠂ | ᠠᠵᠢᠯ ᠤᠨ ᠪᠠᠶᠢᠷᠢ ᠪᠤᠯᠤᠨ ᠡᠷᠦᠭᠡ ᠳᠤ ᠬᠦᠷᠲᠡᠯ᠎ᠡ ᠬᠦᠷᠭᠡᠵᠤ ᠤᠷ᠎ᠠ ᠴᠢᠳᠠᠪᠤᠷᠢ ᠶᠢ ᠡᠷᠥᠭᠡ ᠳᠤ ᠬᠦᠷᠲᠡᠯ᠎ᠡ ᠬᠦᠷᠭᠡᠬᠦ | ᠪᠤᠯᠤᠨ᠎ᠠ︔ ᠨᠢᠭᠡ ᠪᠦᠯᠦᠭ ᠠᠳᠠᠯ ᠦᠢᠯᠡᠰ ᠴᠣᠭᠴᠠᠯᠠᠬᠤ ᠬᠦᠷᠢᠶᠡᠯᠡᠩ ᠢ ᠡᠮᠬᠢᠯᠡᠨ ᠨᠡᠶᠢᠯᠡᠭᠦᠯᠵᠦ᠂ ᠠᠳᠠᠯ ᠦᠢᠯᠡᠰ | ᠴᠤᠭᠴᠠᠯᠠᠬᠤ ᠬᠦᠷᠢᠶᠡᠯᠡᠩ ᠤᠨ ᠦᠢᠯᠡᠳᠦᠯ ᠢᠶᠠᠷ ᠳᠠᠮᠵᠢᠭᠤᠯᠤᠨ ᠶᠠᠳᠠᠭᠤ ᠶᠢ ᠲᠡᠳᠬᠦᠬᠦ ᠶᠢ ᠳᠠᠶᠢᠴᠢᠯᠠᠬᠤ ᠪᠤᠯᠤᠨ᠎ᠠ︔ | ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠬᠦᠴᠢᠷᠳᠡᠯᠲᠡᠶ | ᠭᠠᠴᠠᠭ᠎ᠠ ᠲᠤᠰᠬᠤᠨ ᠤ ᠣᠶᠤᠲᠠᠨ ᠤ ᠦᠨᠳᠦᠰᠦᠨ ᠵᠦᠢᠯ ᠢ ᠪᠠᠲᠤᠯᠠᠨ ᠲᠦᠪᠬᠢᠨᠡᠬᠦᠯᠵᠤ᠂ ᠭᠦᠶᠡᠩ ᠰᠢᠶᠠᠨ ᠳᠤ | ᠶᠠᠳᠠᠭᠤ ᠬᠦᠴᠢᠷᠳᠡᠯᠲᠡᠶ ᠭᠠᠴᠠᠭ᠎ᠠ ᠲᠤᠰᠬᠤᠨ ᠤ ᠣᠶᠤᠲᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠶᠢ 200 ᠶᠢ ᠨᠡᠭᠡᠭᠡᠬᠦ ᠪᠠᠷ ᠪᠠᠶᠢᠨ᠎ᠠ᠃ |