ᠱᠠᠨᠳᠦ᠋ᠩ ᠮᠤᠵᠢ ᠶᠢᠨ ᠬᠠᠤᠯᠢ ᠪᠤᠰᠤ ᠸᠠᠺᠼᠢᠨ ᠤ ᠬᠡᠷᠡᠭ ᠲᠤ ᠴᠢᠭᠯᠡᠭᠦᠯᠦᠨ᠂ ︽ᠬᠠᠤᠯᠢ ᠪᠤᠰᠤ ᠪᠠᠷ | ᠸᠠᠺᠼᠢᠨ ᠡᠵᠡᠩᠨᠡᠭᠰᠡᠨ ᠬᠡᠷᠡᠭ ᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠲᠤᠬᠠᠶ ᠤᠯᠤᠰ ᠤᠨ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ | ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠵᠦ᠂ ᠣᠯᠠᠨ ᠨᠡᠶᠢᠲᠡ ᠶᠢᠨ | ᠡᠷᠡᠭᠦᠯ ᠮᠠᠨᠲᠤ ᠶᠢ ᠦᠨᠡᠨ ᠬᠦ ᠰᠠᠶᠢᠨ ᠬᠠᠮᠠᠭᠠᠯᠠᠬᠤ ᠶᠢᠨ ᠲᠥᠯᠥᠭᠡ᠂ ᠢᠳᠡᠭᠡᠨ ᠪᠠ ᠡᠮ ᠤᠨ ᠵᠦᠢᠯ ᠤᠨ ᠲᠣᠪᠴᠢᠶ᠎ᠠ | 3 ᠳ᠋ᠤᠭᠠᠷ ᠰᠠᠷ᠎ᠠ ᠶᠢᠨ 18 ᠤ ᠡᠳᠦᠷ ᠠᠴᠠ ᠡᠬᠢᠯᠡᠨ ᠬᠠᠷᠢᠶᠠᠲᠤ ᠣᠷᠣᠨ ᠤ ᠲᠣᠲᠤᠷᠠᠬᠢ ᠸᠠᠺᠼᠢᠨ ᠡᠵᠡᠩᠨᠡᠨ | ᠬᠡᠷᠡᠭᠯᠡᠵᠦ ᠪᠠᠶᠢᠭ᠎ᠠ ᠪᠠᠶᠢᠳᠠᠯ ᠳᠤ ᠲᠤᠰᠬᠠᠶ ᠪᠠᠶᠢᠴᠠᠭᠠᠯᠲᠠ ᠥᠷᠨᠢᠭᠦᠯᠵᠦ᠂ ᠠᠰᠠᠭᠤᠳᠠᠯ ᠲᠠᠢ ᠸᠠᠺᠼᠢᠨ ᠠᠯᠠᠱᠠ | ᠠᠶᠢᠮᠠᠭ ᠪᠣᠯᠤᠨ ᠬᠠᠷᠢᠶ᠎ᠠ ᠣᠷᠣᠨ ᠳᠤ ᠣᠷᠣᠵᠤ ᠢᠷᠡᠭᠰᠡᠨ ᠡᠰᠡᠬᠦ᠂ ᠸᠠᠺᠼᠢᠨ ᠲᠠᠷᠢᠬᠤ ᠨᠢᠭᠡᠴᠡ ᠶᠢᠨ | ᠦᠢᠯᠡᠳᠬᠦᠨ ᠢ ᠬᠤᠳᠠᠯᠳᠤᠨ ᠠᠪᠬᠤ᠂ ᠬᠡᠷᠡᠭᠯᠡᠬᠦ᠂ ᠲᠡᠭᠡᠭᠡᠪᠦᠷᠢᠯᠡᠬᠦ ᠪᠠ ᠬᠠᠳᠠᠭᠠᠯᠠᠬᠤ ᠨᠢ ᠲᠣᠭᠲᠠᠭᠠᠭᠰᠠᠨ | ᠪᠠᠶᠢᠳᠠᠯ ᠳᠤ ᠨᠡᠶᠢᠴᠡᠵᠦ ᠪᠠᠶᠢᠬᠤ ᠡᠰᠡᠬᠦ ᠶᠢ ᠪᠠᠶᠢᠴᠠᠭᠠᠪᠠ᠃ | ᠠᠯᠠᠱᠠ ᠠᠶᠢᠮᠠᠭ ᠲᠤ ᠸᠠᠺᠼᠢᠨ ᠡᠵᠡᠩᠨᠡᠬᠦ ᠬᠢᠷᠢ ᠬᠡᠮ ᠲᠠᠢ ᠡᠮ ᠤᠨ ᠵᠦᠢᠯ ᠢ ᠪᠥᠭᠡᠮ ᠢᠶᠠᠷ ᠬᠤᠳᠠᠯᠳᠤᠬᠤ | ᠠᠵᠤ ᠠᠬᠤᠶᠢᠯᠠᠯ ᠦᠭᠡᠢ ᠪᠣᠯᠬᠤᠷ ᠭᠤᠣᠯᠳᠠᠭᠤ ᠠᠶᠢᠮᠠᠭ ᠵᠢᠴᠢ ᠡᠯ᠎ᠡ ᠬᠤᠰᠢᠭᠤ ᠰᠢᠶᠠᠨ ᠤ ᠡᠪᠡᠳᠴᠢᠨ ᠬᠢᠵᠢᠭ ᠢ | ᠰᠡᠷᠭᠡᠶᠢᠯᠡᠨ ᠬᠢᠵᠠᠭᠠᠷᠯᠠᠬᠤ ᠲᠥᠪ ᠪᠣᠯᠣᠨ ᠸᠠᠺᠼᠢᠨ ᠲᠠᠷᠢᠬᠤ ᠡᠭᠦᠷᠭᠡ ᠲᠠᠢ 10 ᠡᠮᠨᠡᠯᠭᠡ ᠶᠢᠨ ᠬᠤᠷᠢᠶ᠎ᠠ ᠶᠢ | ᠪᠠᠶᠢᠴᠠᠭᠠᠪᠠ᠃ ᠪᠠᠶᠢᠴᠠᠭᠠᠭᠰᠠᠨ ᠢᠶᠠᠷ᠂ ᠠᠯᠠᠱᠠ ᠠᠶᠢᠮᠠᠭ ᠤᠨ ᠬᠡᠷᠡᠭᠯᠡᠵᠦ ᠪᠠᠶᠢᠭ᠎ᠠ ᠨᠢᠭᠡᠳᠦᠭᠡᠷ ᠲᠥᠷᠥᠯ ᠤᠨ | ᠸᠠᠺᠼᠢᠨ ᠢ ᠪᠣᠯ ᠥᠪᠡᠷᠲᠡᠭᠡᠨ ᠵᠠᠰᠠᠬᠤ ᠣᠷᠣᠨ ᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ | ᠠᠯᠠᠱᠠ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠨᠢᠭᠡᠳᠦᠯᠲᠡᠶ ᠲᠣᠬᠢᠷᠠᠭᠤᠯᠤᠨ | ᠬᠥᠷᠭᠡᠵᠦ᠂ ᠠᠯᠠᠱᠠ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠡᠯ᠎ᠡ ᠬᠤᠰᠢᠭᠤ | ᠰᠢᠶᠠᠨ ᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠨᠢᠭᠡᠳᠦᠯᠲᠡᠢ ᠲᠦᠭᠡᠭᠡᠵᠦ᠂ ᠡᠯ᠎ᠡ ᠬᠤᠰᠢᠭᠤ | ᠰᠢᠶᠠᠨ ᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠡᠯ᠎ᠡ ᠲᠠᠷᠢᠯᠭ᠎ᠠ ᠬᠢᠬᠦ ᠡᠮᠨᠡᠯᠭᠡ ᠶᠢᠨ | ᠬᠤᠷᠢᠶᠠᠨ ᠳᠤ ᠥᠭᠴᠦ ᠰᠦᠢᠳᠬᠡᠯ ᠬᠤᠷᠢᠶᠠᠬᠤ ᠦᠭᠡᠢ ᠪᠠᠷ ᠲᠠᠷᠢᠳᠠᠭ᠃ ᠣᠳᠣᠬᠠᠨ ᠳᠤ᠂ ᠪᠦᠬᠦ ᠠᠶᠢᠮᠠᠭ ᠤᠨ | ᠡᠯ᠎ᠡ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠪᠣᠯᠣᠨ ᠡᠮᠨᠡᠯᠭᠡ ᠶᠢᠨ ᠬᠤᠷᠢᠶ᠎ᠠ ᠳᠤ ᠬᠡᠷᠡᠭᠯᠡᠵᠦ | ᠪᠠᠶᠢᠭ᠎ᠠ ᠸᠠᠺᠼᠢᠨ ᠨᠢ ᠴᠥᠮ ᠳᠡᠭᠡᠷ᠎ᠡ ᠳᠤᠷᠠᠳᠤᠭᠰᠠᠨ ᠠᠷᠭ᠎ᠠ ᠵᠠᠮ ᠢᠶᠠᠷ ᠢᠷᠡᠭᠰᠡᠨ ᠪᠠᠷᠠᠭ᠎ᠠ ᠪᠣᠯᠣᠨ᠎ᠠ᠃ | ᠠᠯᠠᠱᠠ ᠠᠶᠢᠮᠠᠭ ᠤᠨ ᠬᠡᠷᠡᠭᠯᠡᠵᠦ ᠪᠠᠶᠢᠭ᠎ᠠ ᠬᠤᠶᠠᠳᠤᠭᠠᠷ ᠲᠦᠷᠦᠯ ᠤᠨ ᠸᠠᠺᠼᠢᠨ ᠨᠢ ᠲᠤᠰ ᠲᠤᠰ ᠨᠢᠩᠰᠢᠶᠠ | ᠪᠣᠯᠣᠨ ᠭᠠᠨᠰᠦ ᠮᠤᠵᠢ ᠶᠢᠨ ᠬᠠᠮᠢᠶ᠎ᠠ ᠪᠦᠬᠦᠢ ᠸᠠᠺᠼᠢᠨ ᠡᠵᠡᠩᠨᠡᠬᠦ ᠬᠢᠷᠢ ᠬᠡᠮ ᠲᠠᠢ ᠡᠮ ᠤᠨ ᠵᠦᠢᠯ ᠢ ᠪᠥᠭᠡᠮ ᠢᠶᠠᠷ | ᠬᠤᠳᠠᠯᠳᠤᠬᠤ ᠠᠵᠤ ᠠᠬᠤᠢᠯᠠᠯ ᠠᠴᠠ ᠬᠤᠳᠠᠯᠳᠤᠨ ᠠᠪᠳᠠᠭ ᠶᠤᠮ᠃ ᠠᠯᠠᠱᠠ ᠠᠶᠢᠮᠠᠭ ᠤᠨ ᠡᠯ᠎ᠡ ᠱᠠᠲᠤᠨ ᠤ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠳᠡᠭᠡᠷ᠎ᠡ ᠳᠤᠷᠠᠳᠤᠭᠰᠠᠨ ᠸᠠᠺᠼᠢᠨ | ᠬᠤᠳᠠᠯᠳᠤᠨ ᠥᠭᠬᠦ ᠠᠵᠤ ᠠᠬᠤᠶᠢᠯᠠᠯ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠥᠷᠭᠦᠯᠵᠢᠯᠡᠨ ᠠᠩᠬᠠᠷᠴᠤ᠂ | ᠬᠤᠳᠠᠯᠳᠤᠨ ᠥᠭᠬᠦ ᠠᠵᠤ ᠠᠬᠤᠶᠢᠯᠠᠯ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠦᠨᠳᠦᠰᠦᠯᠡᠨ ᠴᠠᠭ | ᠲᠤᠬᠠᠶ ᠳᠤᠨᠢ ᠠᠷᠭ᠎ᠠ ᠬᠡᠮᠵᠢᠶ᠎ᠡ ᠠᠪᠬᠤ ᠪᠠᠷ ᠪᠤᠢ᠃ |