ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠣᠶᠢᠷ᠎ᠠ ᠳᠤ ᠮᠡᠳᠡᠭᠳᠡᠯ | ᠪᠠᠭᠤᠯᠭᠠᠵᠤ᠂ 2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠱᠠᠩᠨᠠᠯ ᠤᠨ ᠡᠷᠡᠮᠡᠯᠵᠡᠯ ᠢ ᠡᠬᠢᠯᠡᠨ ᠮᠡᠳᠡᠭᠦᠯᠵᠦ ᠪᠣᠢ᠃ ᠣᠶᠢᠯᠠᠭᠠᠭᠰᠠᠨ ᠢᠶᠠᠷ᠂ 2016 ᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠬᠢᠨᠠᠨ ᠰᠢᠯᠭᠠᠷᠠᠭᠤᠯᠤᠯᠲᠠ ᠳᠤ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ | ᠭᠡᠵᠦ ᠬᠤᠶᠠᠷ ᠵᠦᠢᠯ ᠬᠤᠪᠢᠶᠠᠨ᠎ᠠ᠃ ᠮᠡᠳᠡᠭᠦᠯᠬᠦ ᠮᠠᠲ᠋ᠧᠷᠢᠶᠠᠯ ᠳᠤ ᠡᠯᠧᠺᠲᠷᠣᠨ ᠬᠡᠪᠯᠡᠯ ᠪᠣᠯᠤᠨ ᠴᠠᠭᠠᠰᠤᠨ ᠬᠡᠪᠯᠡᠯ | ᠬᠤᠶᠠᠷ ᠬᠡᠰᠡᠭ ᠪᠠᠶᠢᠵᠤ᠂ ᠡᠯᠧᠺᠲᠷᠣᠨ ᠬᠡᠪᠯᠡᠯ ᠤᠨ ᠲᠠᠨᠢᠯᠴᠠᠭᠤᠯᠭ᠎ᠠ ᠶᠢᠨ ᠮᠠᠲ᠋ᠧᠷᠢᠶᠠᠯ ᠤᠨ ᠰᠦᠯᠵᠢᠶᠡᠨ ᠳᠡᠭᠡᠷ᠎ᠡ | ᠲᠠᠨᠢᠯᠴᠠᠭᠤᠯᠬᠤ ᠴᠠᠭ ᠨᠢ 4 ᠳ᠋ᠦ᠋ᠭᠡᠷ ᠰᠠᠷ᠎ᠠ ᠶᠢᠨ 30 ᠤ ᠡᠳᠦᠷ ᠳᠠᠭᠤᠰᠴᠤ᠂ ᠴᠠᠭᠠᠰᠤᠨ ᠬᠡᠪᠯᠡᠯ ᠤᠨ | ᠲᠠᠨᠢᠯᠴᠠᠭᠤᠯᠬᠤ ᠮᠠᠲ᠋ᠧᠷᠢᠶᠠᠯ ᠢ 5 ᠳ᠋ᠤᠭᠠᠷ ᠰᠠᠷ᠎ᠠ ᠶᠢᠨ 6 ᠤ ᠡᠳᠦᠷ ᠪᠣᠯᠲᠠᠯ᠎ᠠ ᠮᠡᠳᠡᠭᠦᠯᠦᠨ ᠬᠦᠷᠭᠡᠵᠦ ᠪᠣᠯᠣᠨ᠎ᠠ᠂ | ᠬᠤᠭᠤᠴᠠᠭ᠎ᠠ ᠨᠢ ᠬᠡᠲᠦᠷᠡᠪᠠᠯ ᠬᠦᠯᠢᠶᠡᠨ ᠠᠪᠬᠤ ᠦᠭᠡᠢ᠃ |