3 ᠳ᠋ᠤᠭᠠᠷ ᠰᠠᠷ᠎ᠠ ᠶᠢᠨ 22 ᠤᠨ ᠡᠳᠦᠷ᠂ ᠪᠦᠬᠦ ᠣᠷᠣᠨ ᠤ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ | ᠪᠣᠭᠤᠮᠲᠠ ᠪᠠᠷ ᠥᠩᠭᠡᠷᠡᠭᠦᠯᠬᠦ ᠠᠵᠢᠯ ᠤᠨ ᠬᠤᠷᠠᠯ ᠬᠤᠷᠠᠯᠳᠤᠵᠤ᠂ ᠥᠪᠥᠷ ᠮᠣᠩᠭᠤᠯ ᠤᠨ ᠰᠢᠯᠭᠠᠨ ᠪᠠᠶᠢᠴᠠᠭᠠᠬᠤ | ᠬᠢᠵᠢᠭ ᠪᠠᠶᠢᠴᠠᠭᠠᠬᠤ ᠲᠣᠪᠴᠢᠶ᠎ᠠ ᠶᠢᠨ ᠳᠡᠳ᠋ ᠳᠠᠷᠤᠭ᠎ᠠ ᠬᠤᠸᠠᠩ ᠶᠦᠩ ︽ᠥᠭᠡᠷᠡᠴᠢᠯᠡᠯᠲᠡ ᠬᠢᠵᠦ ᠰᠢᠨ᠎ᠡ ᠶᠢ | ᠡᠭᠦᠳᠴᠦ ᠪᠣᠭᠤᠮᠲᠠ ᠪᠠᠷ ᠥᠩᠭᠡᠷᠡᠭᠦᠯᠬᠦ ᠠᠵᠢᠯ ᠤᠨ ᠰᠢᠨ᠎ᠡ ᠪᠠᠶᠢᠳᠠᠯ ᠢ ᠬᠦᠴᠦᠯᠡᠨ ᠪᠤᠢ ᠪᠣᠯᠭᠠᠶ᠎ᠠ︾ ᠭᠡᠬᠦ | ᠰᠡᠳᠦᠪ ᠢᠶᠠᠷ ᠴᠢᠬᠤᠯᠠ ᠶᠠᠷᠢᠶ᠎ᠠ ᠲᠠᠯᠪᠢᠵᠠᠶ᠃ | ᠬᠤᠸᠠᠩ ᠶᠦᠩ ᠳᠡᠳ᠋ ᠳᠠᠷᠤᠭ᠎ᠠ ᠣᠳᠣᠬᠠᠨ ᠤ ᠪᠣᠭᠤᠮᠲᠠ ᠪᠠᠷ ᠥᠩᠭᠡᠷᠡᠭᠦᠯᠬᠦ ᠠᠵᠢᠯ ᠳᠤ ᠲᠤᠯᠭᠠᠷᠠᠵᠤ | ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠵᠠᠳᠠᠯᠵᠤ᠂ ᠪᠣᠭᠤᠮᠲᠠ ᠪᠠᠷ ᠥᠩᠭᠡᠷᠡᠭᠦᠯᠬᠦ ᠲᠤᠬᠠᠶᠢᠯᠠᠭᠰᠠᠨ ᠠᠵᠢᠯ ᠤᠨ | ᠡᠭᠦᠷᠭᠡ ᠬᠠᠷᠢᠭᠤᠴᠠᠯᠭ᠎ᠠ ᠪᠣᠯᠣᠨ ᠡᠭᠦᠷᠭᠡ ᠶᠢ ᠵᠥᠪ ᠣᠨᠣᠪᠴᠢᠲᠠᠶ ᠪᠠᠷ ᠲᠣᠳᠣᠷᠬᠠᠶᠢᠯᠠᠨ ᠥᠭᠦᠯᠡᠵᠦ᠂ | ᠪᠣᠭᠤᠮᠲᠠ ᠪᠠᠷ ᠥᠩᠭᠡᠷᠡᠭᠦᠯᠬᠦ ᠲᠤᠬᠠᠶᠢᠯᠠᠭᠰᠠᠨ ᠠᠵᠢᠯ ᠤᠨ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ | ᠦᠭᠡᠢ ᠲᠠᠯ᠎ᠠ ᠶᠢ ᠭᠦᠨᠵᠡᠭᠡᠶ ᠵᠠᠳᠠᠯᠤᠨ ᠰᠢᠨᠵᠢᠯᠡᠵᠦ᠂ 2016 ᠣᠨ ᠴᠢᠨᠠᠭᠰᠢᠯᠠᠪᠠᠯ ᠬᠤᠶᠢᠰᠢᠳᠠ ᠶᠢᠨ ᠨᠢᠭᠡ | ᠬᠤᠭᠤᠴᠠᠭᠠᠨ ᠤ ᠪᠣᠭᠤᠮᠲᠠ ᠪᠠᠷ ᠥᠩᠭᠡᠷᠡᠭᠦᠯᠬᠦ ᠲᠤᠬᠠᠶᠢᠯᠠᠭᠰᠠᠨ ᠠᠵᠢᠯ ᠳᠤ ︽ᠦᠵᠡᠯᠲᠡ ᠲᠠᠨᠢᠯᠲᠠ ᠪᠠᠨ | ᠬᠤᠪᠢᠷᠠᠭᠤᠯᠵᠤ᠂ ᠪᠠᠶᠢᠷᠢ ᠲᠣᠭᠲᠠᠭᠠᠯᠲᠠ ᠪᠠᠨ ᠲᠣᠲᠣᠷᠬᠠᠶᠢᠯᠠᠬᠤ᠂ ᠴᠢᠳᠠᠪᠤᠷᠢ ᠪᠠᠨ ᠳᠡᠭᠡᠭᠰᠢᠯᠡᠭᠦᠯᠵᠦ᠂ | ᠰᠠᠭᠤᠷᠢ ᠪᠠᠨ ᠰᠠᠶᠢᠲᠤᠷ ᠲᠠᠯᠪᠢᠬᠤ᠂ ᠭᠤᠣᠯᠳᠠᠯᠭ᠎ᠠ ᠲᠠᠢ ᠰᠢᠪᠲᠤᠯᠵᠤ᠂ ᠪᠦᠬᠦ ᠲᠠᠯ᠎ᠠ ᠪᠠᠷ ᠲᠦᠯᠬᠢᠨ ᠠᠬᠢᠭᠤᠯᠬᠤ᠂ | ᠬᠠᠤᠯᠢ ᠶᠣᠰᠣᠭᠠᠷ ᠵᠠᠰᠠᠭ ᠶᠠᠪᠤᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ︾ ᠲᠦᠷᠪᠡᠨ ᠵᠦᠢᠯ ᠤᠨ | ᠱᠠᠭᠠᠷᠳᠠᠯᠭ᠎ᠠ ᠳᠤᠷᠠᠳᠤᠭᠰᠠᠨ ᠪᠥᠭᠡᠳ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠣᠨᠴᠠ | ᠴᠢᠬᠤᠯᠠᠴᠢᠯᠠᠵᠤ᠂ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠠᠳᠬᠤᠬᠤ ᠶᠢ ᠴᠢᠩᠭᠠᠳᠬᠠᠵᠤ᠂ ᠲᠣᠭᠲᠠᠴᠠ ᠶᠢ | ᠠᠳᠬᠤᠬᠤ ᠨᠠᠶᠢᠳᠠᠪᠤᠷᠢᠵᠢᠭᠤᠯᠤᠯᠲᠠ ᠶᠢ ᠪᠦᠷᠢᠨᠰᠢᠭᠦᠯᠵᠦ᠂ ᠰᠢᠮᠳᠠᠭᠤᠯᠤᠨ ᠪᠠᠶᠢᠴᠠᠭᠠᠬᠤ ᠪᠠ ᠠᠵᠢᠯ ᠤᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠶᠢ ᠣᠷᠭᠠᠨᠢᠭ ᠢᠶᠠᠷ ᠤᠶᠠᠯᠳᠤᠭᠤᠯᠤᠨ᠂ ᠪᠣᠭᠤᠮᠲᠠ ᠪᠠᠷ ᠥᠩᠭᠡᠷᠡᠭᠦᠯᠬᠦ ᠠᠵᠢᠯ ᠢ | ᠪᠦᠬᠦ ᠲᠠᠯ᠎ᠠ ᠪᠠᠷ ᠬᠦᠭᠵᠢᠭᠦᠯᠬᠦ ᠶᠢ ᠠᠬᠢᠭᠤᠯᠬᠤ ᠬᠡᠷᠡᠭᠲᠡᠶ ᠭᠡᠪᠡ᠃ | ᠬᠤᠷᠠᠯ ᠠᠴᠠ ᠪᠠᠰᠠ 2016 ᠣᠨ ᠤ ᠪᠣᠭᠤᠮᠲᠠ ᠪᠠᠷ ᠥᠩᠭᠡᠷᠡᠭᠦᠯᠬᠦ ᠲᠤᠬᠠᠶᠢᠯᠠᠭᠰᠠᠨ ᠠᠵᠢᠯ ᠤᠨ | ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠠᠶ᠃ ᠨᠢᠭᠡ ᠳᠤ ᠲᠤᠬᠠᠶᠢᠯᠠᠭᠰᠠᠨ ᠠᠵᠢᠯ ᠤᠨ ᠪᠠᠶᠢᠴᠠᠭᠠᠨ ᠰᠤᠳᠤᠯᠬᠤ ᠶᠢ | ᠴᠢᠩᠭᠠᠳᠬᠠᠵᠤ᠂ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔ ᠬᠤᠶᠠᠷ ᠲᠤ | ᠤᠯᠠᠮᠵᠢᠯᠠᠯᠲᠤ ᠪᠣᠭᠤᠮᠲᠠ ᠶᠢᠨ ᠬᠠᠮᠢᠶᠠᠷᠤᠯᠲᠠ ᠶᠢᠨ ᠰᠡᠳᠬᠢᠬᠦᠶ ᠶᠢᠨ ᠵᠠᠭᠪᠤᠷᠰᠢᠯ ᠢ ᠥᠷᠭᠡᠳᠬᠡᠵᠦ᠂ ᠪᠣᠭᠤᠮᠲᠠ ᠶᠢᠨ | ᠦᠢᠯᠡᠴᠢᠯᠡᠭᠡᠨ ᠤ ᠴᠢᠳᠠᠪᠬᠢ ᠶᠢ ᠪᠦᠷᠢᠨᠰᠢᠭᠦᠯᠬᠦ ᠬᠡᠷᠡᠭᠲᠡᠢ︔ ᠭᠤᠷᠪᠠ ᠳᠤ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠪᠣᠭᠤᠮᠲᠠ ᠪᠠᠷ ᠥᠩᠭᠡᠷᠡᠭᠦᠯᠬᠦ ᠶᠢ ᠨᠢᠭᠡ ᠴᠤᠭᠴᠠᠵᠢᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ | ᠠᠷᠠᠯᠵᠢᠶᠠᠨ ᠤ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠲᠦᠷᠪᠡ ᠳᠤ ︽ᠨᠢᠭᠡ ᠪᠦᠰᠡ | ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠵᠦ᠂ ᠳᠤᠮᠳᠠᠳᠤ ᠮᠣᠩᠭᠤᠯ ᠣᠷᠣᠰ ᠤᠨ ᠠᠵᠤ | ᠠᠬᠤᠶ ᠶᠢᠨ ᠬᠤᠩᠭᠢᠯ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ︔ ᠲᠠᠪᠤ ᠳᠤ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷᠰᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ | ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠳᠡᠮᠵᠢᠬᠦ ᠬᠡᠷᠡᠭᠲᠡᠢ︔ ᠵᠢᠷᠭᠤᠭ᠎ᠠ ᠳᠤ ᠲᠤᠬᠠᠶᠢᠯᠠᠭᠰᠠᠨ ᠠᠵᠢᠯ ᠤᠨ | ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ︔ | ᠲᠤᠯᠤᠭ᠎ᠠ ᠳᠤ ᠦᠢᠯᠡᠴᠢᠯᠡᠬᠦ ᠤᠬᠠᠮᠰᠠᠷ ᠢᠶᠠᠨ ᠴᠢᠩᠭᠠᠷᠠᠭᠤᠯᠵᠤ᠂ ᠦᠢᠯᠡᠴᠢᠯᠡᠭᠡᠨ ᠤ ᠲᠦᠪᠰᠢᠨ ᠢᠶᠠᠨ | ᠳᠡᠭᠡᠭᠰᠢᠯᠡᠭᠦᠯᠵᠦ᠂ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠶᠢᠨ | ᠪᠣᠭᠤᠮᠲᠠ ᠪᠠᠷ ᠥᠩᠭᠡᠷᠡᠭᠦᠯᠬᠦ ᠲᠤᠬᠠᠶᠢᠯᠠᠭᠰᠠᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ | ᠭᠡᠵᠡᠢ᠃ | ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ | ᠲᠤᠬᠠᠶᠢᠯᠠᠭᠰᠠᠨ ᠠᠵᠢᠯ ᠤᠨ ᠭᠠᠵᠠᠷ ᠭᠡᠷ᠂ ᠰᠠᠯᠪᠤᠷᠢ ᠪᠠᠶᠢᠭᠤᠯᠤᠮᠵᠢ ᠶᠢᠨ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠂ ᠶᠡᠷᠦᠩᠭᠡᠢ ᠶᠠᠪᠤᠳᠠᠯ᠂ ᠪᠠᠶᠢᠴᠠᠭᠠᠬᠤ ᠶᠠᠪᠤᠳᠠᠯ᠂ ᠪᠣᠭᠤᠮᠲᠠ ᠶᠢᠨ ᠰᠠᠯᠠᠭ᠎ᠠ ᠮᠥᠴᠢᠷ ᠤᠨ ᠪᠦᠬᠦ | ᠠᠵᠢᠯᠲᠠᠳ᠂ ᠮᠠᠨᠵᠤᠤᠷ᠂ ᠡᠷᠢᠶᠡᠨ ᠬᠤᠳᠠ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠶᠢᠨ | ᠵᠠᠰᠠᠮᠠᠯ ᠵᠠᠮ᠂ ᠲᠡᠮᠤᠷ ᠵᠠᠮ ᠤᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠬᠥᠮᠦᠰ | ᠬᠤᠷᠠᠯ ᠳᠤ ᠣᠷᠣᠯᠴᠠᠪᠠ᠃ |