| | 3 ᠳ᠋ᠤᠭᠠᠷ ᠰᠠᠷ᠎ᠠ ᠶᠢᠨ 24 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠦᠬᠦ ᠤᠷᠤᠨ | ᠤ ᠨᠠᠮ ᠤᠨ ᠰᠤᠷᠭᠠᠭᠤᠯᠢ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠨᠠᠮ ᠤᠨ | ᠰᠤᠷᠭᠠᠭᠤᠯᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠪᠠ ︽ᠰᠢᠨ᠎ᠡ ᠪᠠᠶᠢᠳᠠᠯ ᠲᠤᠤᠷᠠᠬᠢ ᠨᠠᠮ ᠤᠨ | ᠰᠤᠷᠭᠠᠭᠤᠯᠢ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠦᠪ ᠬᠤᠷᠢᠶ᠎ᠠ ᠶᠢᠨ ᠰᠠᠨᠠᠯ︾ ᠢ ᠰᠤᠷᠤᠯᠴᠠᠨ ᠲᠤᠤᠱᠯᠠᠭᠤᠯᠵᠤ᠂ ᠮᠠᠨ ᠤ ᠤᠷᠤᠨ ᠤ ᠨᠠᠮ ᠤᠨ ᠰᠤᠷᠭᠠᠭᠤᠯᠢ ᠶᠢᠨ | ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠬᠤᠷᠠᠯ ᠳᠤ ᠤᠷᠤᠯᠴᠠᠨ | ᠴᠢᠬᠤᠯᠠ ᠶᠠᠷᠢᠶ᠎ᠠ ᠲᠠᠯᠪᠢᠪᠠ᠃ | ᠸᠠᠩ ᠵᠢᠶᠦ᠋ᠨ ᠵᠢᠭᠠᠭᠰᠠᠨ ᠨᠢ᠂ ᠨᠢᠳᠤᠨᠤᠨ ᠤ 12 ᠰᠠᠷ᠎ᠠ ᠳᠤ᠂ ᠨᠠᠮ ᠤᠨ ᠲᠥᠪ ᠬᠤᠷᠢᠶ᠎ᠠ ᠪᠦᠬᠦ | ᠤᠯᠤᠰ ᠤᠨ ᠨᠠᠮ ᠤᠨ ᠰᠤᠷᠭᠠᠭᠤᠯᠢ ᠶᠢᠨ ᠠᠵᠢᠯ ᠤᠨ ᠬᠤᠷᠠᠯ ᠬᠢᠪᠠ᠂ ᠡᠨᠡ ᠪᠣᠯ ᠨᠠᠮ ᠤᠨ ᠰᠤᠷᠭᠠᠭᠤᠯᠢ ᠶᠢᠨ | ᠦᠢᠯᠡᠰ ᠤᠨ ᠬᠥᠭᠵᠢᠯᠲᠡ ᠶᠢᠨ ᠲᠡᠦᠬᠡᠨ ᠳᠠᠬᠢ ᠪᠡᠯᠭᠡ ᠲᠡᠮᠳᠡᠭ ᠤᠨ ᠴᠢᠨᠠᠷᠲᠠᠶ ᠴᠢᠬᠤᠯᠠ ᠬᠤᠷᠠᠯᠳᠤᠭᠠᠨ ᠪᠣᠯᠤᠨ᠎ᠠ᠃ | ᠶᠡᠷᠦᠩᠬᠡᠶ ᠱᠦᠵᠢ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠨᠠᠮ ᠪᠠᠶᠢᠭᠤᠯᠬᠤ ᠨᠠᠮ ᠢ | ᠬᠥᠭᠵᠢᠭᠦᠯᠬᠦ ᠨᠠᠮ ᠢ ᠬᠦᠴᠦᠷᠬᠡᠭᠵᠢᠭᠦᠯᠬᠦ ᠲᠡᠦᠬᠡ ᠠᠴᠠ ᠠᠪᠤᠭᠠᠳ᠂ ᠨᠠᠮ ᠤᠨ ᠲᠦᠷᠦ ᠪᠠᠷᠢᠬᠤ ᠡᠭᠦᠷᠭᠡ ᠶᠢ ᠨᠡᠩ | ᠰᠠᠶᠢᠨ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠳᠡᠭᠡᠳᠦ ᠬᠡᠮᠵᠢᠶᠡᠨ ᠠᠴᠠ᠂ ᠨᠠᠮ ᠤᠨ ᠰᠤᠷᠭᠠᠭᠤᠯᠢ ᠶᠢᠨ ᠨᠠᠮ | ᠭᠡᠰᠡᠨ ᠣᠪᠣᠭ ᠲᠠᠢ ᠨᠢᠭᠲᠠ ᠤᠶᠠᠯᠳᠤᠭᠤᠯᠤᠨ᠂ ᠲᠤᠯᠭᠠᠷᠠᠵᠤ ᠪᠠᠶᠢᠭ᠎ᠠ ᠪᠠᠶᠢᠳᠠᠯ ᠢ ᠰᠢᠨᠵᠢᠯᠡᠬᠦ ᠤᠬᠠᠭᠠᠨᠴᠢ ᠪᠠᠷ | ᠵᠠᠳᠠᠯᠵᠤ᠂ ᠰᠢᠨ᠎ᠡ ᠪᠠᠶᠢᠳᠠᠯ ᠳᠤᠤᠷᠠᠬᠢ ᠨᠠᠮ ᠤᠨ ᠰᠤᠷᠭᠠᠭᠤᠯᠢ ᠶᠢᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ᠂ | ᠦᠨᠳᠦᠰᠦᠨ ᠵᠠᠷᠴᠢᠮ᠂ ᠭᠤᠣᠯ ᠡᠭᠦᠷᠭᠡ ᠪᠠ ᠦᠨᠳᠦᠰᠦᠨ ᠱᠠᠭᠠᠷᠳᠠᠯᠭ᠎ᠠ ᠶᠢ ᠨᠠᠷᠢᠨ ᠲᠣᠳᠣᠷᠬᠠᠶᠢᠯᠠᠨ ᠥᠭᠦᠯᠡᠵᠦ᠂ | ᠨᠠᠮ ᠤᠨ ᠰᠤᠷᠭᠠᠭᠤᠯᠢ ᠶᠢᠨ ᠦᠢᠯᠡᠰ ᠤᠨ ᠠᠯᠤᠰ ᠬᠡᠳᠦ ᠶᠢᠨ ᠬᠥᠭᠵᠢᠯᠲᠡ ᠳᠤ ᠬᠤᠯᠪᠣᠭᠳᠠᠬᠤ ᠠᠯᠢ ᠣᠯᠠᠨ | ᠴᠢᠬᠤᠯᠠ ᠶᠡᠭᠡ ᠠᠰᠠᠭᠤᠳᠠᠯ ᠳᠤ ᠭᠦᠨᠵᠡᠭᠡᠶ ᠬᠠᠷᠢᠭᠤᠯᠲᠠ ᠥᠭᠴᠦ᠂ ᠦᠵᠡᠯ ᠰᠠᠨᠠᠭ᠎ᠠ ᠨᠢ ᠭᠦᠨᠵᠡᠭᠡᠶ᠂ | ᠠᠭᠤᠯᠤᠭᠳᠠᠬᠤᠨ ᠨᠢ ᠪᠠᠶᠠᠯᠢᠭ᠂ ᠮᠠᠨ ᠤ ᠨᠠᠮ ᠤᠨ ᠰᠤᠷᠭᠠᠭᠤᠯᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ | ᠲᠤᠬᠠᠶ ᠲᠠᠨᠢᠯᠲᠠ ᠶᠢ ᠭᠦᠨᠵᠡᠭᠡᠶᠢᠷᠡᠭᠦᠯᠵᠦ᠂ ᠰᠢᠨ᠎ᠡ ᠪᠠᠶᠢᠳᠠᠯ ᠳᠤᠤᠷᠠᠬᠢ ᠨᠠᠮ ᠤᠨ ᠰᠤᠷᠭᠠᠭᠤᠯᠢ ᠶᠢᠨ ᠠᠵᠢᠯ ᠢ | ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠲᠤᠯᠭᠤᠷ ᠪᠢᠴᠢᠭ ᠮᠥᠨ ᠭᠡᠪᠡ᠃ | ᠸᠠᠩ ᠵᠢᠶᠦ᠋ᠨ ᠱᠠᠭᠠᠷᠳᠠᠭᠰᠠᠨ ᠨᠢ᠂ ᠨᠠᠮ ᠤᠨ ᠰᠤᠷᠭᠠᠭᠤᠯᠢ ᠶᠢᠨ ᠴᠢᠬᠤᠯᠠ ᠪᠠᠶᠢᠷᠢ ᠰᠠᠭᠤᠷᠢ ᠪᠠ | ᠦᠢᠯᠡᠳᠦᠯ ᠢ ᠭᠦᠨᠵᠡᠭᠡᠶ ᠲᠠᠨᠢᠵᠤ᠂ ᠰᠢᠨ᠎ᠡ ᠪᠠᠶᠢᠳᠠᠯ ᠳᠤᠤᠷᠠᠬᠢ ᠨᠠᠮ ᠤᠨ ᠰᠤᠷᠭᠠᠭᠤᠯᠢ ᠶᠢᠨ ᠠᠵᠢᠯ ᠢ ᠦᠨᠡᠨ ᠬᠦ | ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠶ᠂ ᠬᠠᠷᠢᠭᠤᠴᠠᠯᠭᠠᠲᠤ ᠰᠡᠳᠬᠢᠯᠭᠡ ᠪᠠ | ᠲᠤᠯᠭᠠᠮ᠎ᠠ ᠰᠡᠳᠬᠢᠯᠭᠡ ᠲᠠᠢ ᠪᠠᠶᠢᠬᠤ ᠬᠡᠷᠡᠭᠲᠡᠶ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠨᠢᠭᠡᠨᠲᠡ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠱᠠᠲᠤᠨ ᠳᠤ ᠣᠷᠣᠵᠤ᠂ ︽ | ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠯ ᠢ ᠵᠣᠬᠢᠴᠠᠯᠳᠤᠭᠤᠯᠤᠨ ᠠᠬᠢᠭᠤᠯᠵᠤ᠂ ᠡᠬᠡ | ᠤᠯᠤᠰ ᠤᠨ ᠤᠮᠠᠷᠠᠲᠤ ᠬᠢᠯᠢ ᠶᠢᠨ ᠦᠵᠡᠮᠵᠢᠲᠦ ᠣᠷᠣᠨ ᠢ ᠪᠠᠶᠢᠭᠤᠯᠬᠤ ᠵᠠᠩᠭᠢᠯᠠᠭ᠎ᠠ ᠶᠢᠨ ᠦᠶ᠎ᠡ ᠪᠣᠯᠵᠠᠢ᠂ ᠨᠠᠮ ᠤᠨ | ᠰᠤᠷᠭᠠᠭᠤᠯᠢ ᠶᠢᠨ ᠠᠵᠢᠯ ᠤᠨ ᠪᠠᠶᠢᠷᠢ ᠰᠠᠭᠤᠷᠢ ᠪᠣᠯᠤᠨ ᠦᠢᠯᠡᠳᠦᠯ ᠨᠢ ᠨᠡᠩ ᠴᠢᠬᠤᠯᠠ᠂ ᠨᠠᠮ ᠤᠨ | ᠰᠤᠷᠭᠠᠭᠤᠯᠢ ᠶᠢᠨ ᠡᠭᠦᠷᠭᠡᠯᠡᠵᠦ ᠪᠠᠶᠢᠭ᠎ᠠ ᠡᠭᠦᠷᠭᠡ ᠨᠡᠩ ᠪᠡᠷᠬᠡ ᠬᠠᠲᠠᠭᠤᠵᠢᠯᠲᠠᠶ ᠪᠠᠶᠢᠨ᠎ᠠ︔ ᠨᠠᠮ ᠤᠨ | ᠰᠤᠷᠭᠠᠭᠤᠯᠢ ᠶᠢᠨ ᠨᠠᠮ ᠭᠡᠰᠡᠨ ᠣᠪᠣᠭ ᠤᠨ ᠦᠨᠳᠦᠰᠦᠨ ᠵᠠᠷᠴᠢᠮ ᠢ ᠪᠠᠷᠢᠮᠲᠠᠯᠠᠬᠤ ᠬᠡᠷᠡᠭᠲᠡᠶ᠂ ᠨᠠᠮ ᠤᠨ | ᠰᠤᠷᠭᠠᠭᠤᠯᠢ ᠶᠢᠨ ᠠᠵᠢᠯ ᠢ ᠴᠠᠭ ᠢᠮᠠᠭᠲᠠ ᠵᠥᠪ ᠣᠨᠣᠪᠴᠢᠲᠠᠶ ᠤᠯᠤᠰ ᠲᠦᠷᠦ ᠶᠢᠨ ᠴᠢᠭᠯᠡᠯ ᠢᠶᠠᠷ | ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠠᠮ ᠤᠨ ᠬᠦᠰᠡᠯᠡᠩ ᠪᠠ ᠢᠲᠡᠭᠡᠯ ᠵᠣᠷᠢᠭ ᠤᠨ ᠲᠤᠭ ᠢ | ᠢᠮᠠᠭᠲᠠ ᠥᠨᠳᠥᠷ ᠮᠠᠨᠳᠤᠭᠤᠯᠵᠤ᠂ ᠰᠢ ᠶᠢᠨ ᠫᠢᠩ ᠨᠥᠬᠦᠷ ᠢᠶᠠᠷ ᠶᠡᠷᠦᠩᠬᠡᠶ ᠱᠦᠵᠢ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠤᠬᠠᠮᠰᠠᠷ ᠠᠴᠠ ᠳᠡᠭᠡᠳᠦ ᠬᠡᠮᠵᠢᠶ᠎ᠡ ᠪᠠᠷ ᠡᠷᠡᠰ ᠨᠢᠭᠡᠳᠦᠯᠲᠡᠶ ᠪᠠᠶᠢᠵᠤ᠂ ᠨᠠᠮ ᠤᠨ ᠤᠯᠤᠰ ᠲᠦᠷᠦ ᠶᠢᠨ | ᠰᠠᠬᠢᠯᠭ᠎ᠠ ᠪᠠᠲᠤ ᠪᠠ ᠤᠯᠤᠰ ᠲᠥᠷᠥ ᠶᠢᠨ ᠳᠦᠷᠢᠮ ᠭᠤᠷᠢᠮ ᠢ ᠴᠢᠩᠭ᠎ᠠ ᠰᠠᠬᠢᠵᠤ᠂ ᠦᠨᠡᠨ ᠠᠴᠠ ᠵᠥᠪ ᠢ ᠡᠷᠢᠬᠦ | ᠦᠵᠡᠯ ᠰᠠᠨᠠᠭᠠᠨ ᠤ ᠱᠤᠭᠤᠮ ᠢ ᠪᠠᠷᠢᠮᠲᠠᠯᠠᠬᠤ ᠬᠡᠷᠡᠭᠲᠡᠢ︔ ᠨᠠᠮ ᠤᠨ ᠰᠤᠷᠭᠠᠭᠤᠯᠢ ᠶᠢᠨ ᠠᠵᠢᠯ ᠢ ᠪᠦᠬᠦ ᠲᠠᠯ᠎ᠠ ᠪᠠᠷ | ᠴᠢᠩᠭᠠᠳᠬᠠᠬᠤ ᠪᠠ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ ᠦᠢᠯᠡᠰ ᠤᠨ | ᠰᠢᠨ᠎ᠡ ᠪᠠᠶᠢᠳᠠᠯ ᠢ ᠲᠠᠰᠣᠷᠠᠯᠲᠠ ᠣᠢᠭᠡᠢ ᠪᠤᠢ ᠪᠣᠯᠭᠠᠬᠤ ᠬᠡᠷᠡᠭᠲᠡᠢ᠃ ᠨᠠᠮ ᠤᠨ ᠤᠨᠤᠯ ᠤᠨ ᠬᠥᠮᠦᠵᠢᠯ ᠢ ᠰᠠᠶᠢᠲᠤᠷ | ᠠᠳᠬᠤᠵᠤ᠂ ᠨᠠᠮᠴᠢ ᠴᠢᠨᠠᠷ ᠤᠨ ᠬᠥᠮᠦᠵᠢᠯ ᠢ ᠦᠨᠡᠨ ᠬᠦ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠡᠩᠨᠡᠭᠡᠨ ᠤ ᠪᠠᠶᠢᠭᠤᠯᠤᠯᠲᠠ ᠶᠢ | ᠬᠦᠴᠦᠯᠡᠨ ᠴᠢᠩᠭᠠᠳᠬᠠᠬᠤ ᠬᠡᠷᠡᠭᠲᠡᠶ︔ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠶ | ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠰᠤᠷᠭᠠᠭᠤᠯᠢ ᠶᠢᠨ ᠦᠢᠯᠡᠰ ᠤᠨ ᠬᠥᠭᠵᠢᠯᠲᠡ ᠶᠢ | ᠲᠦᠯᠬᠢᠨ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ᠡᠭᠦᠨ ᠳᠤ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠪᠠᠨ ᠴᠢᠩᠭ᠎ᠠ ᠵᠠᠰᠠᠬᠤ ᠶᠢ ᠪᠠᠷᠢᠮᠲᠠᠯᠠᠨ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠦᠨᠳᠦᠰᠦᠨ ᠱᠠᠲᠤᠨ ᠤ ᠰᠠᠭᠤᠷᠢ ᠪᠠᠲᠤᠯᠠᠭ᠎ᠠ ᠶᠢ | ᠪᠠᠲᠤᠳᠬᠠᠬᠤ ᠬᠡᠷᠡᠭᠲᠡᠢ᠃ | ᠸᠠᠩ ᠵᠢᠶᠦ᠋ᠨ ᠴᠢᠬᠤᠯᠠᠴᠢᠯᠠᠭᠰᠠᠨ ᠨᠢ᠂ ᠰᠢᠨ᠎ᠡ ᠪᠠᠶᠢᠳᠠᠯ ᠳᠣᠣᠷᠠᠬᠢ ᠨᠠᠮ ᠤᠨ ᠰᠤᠷᠭᠠᠭᠤᠯᠢ ᠶᠢᠨ ᠠᠵᠢᠯ ᠢ | ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠲᠡᠮᠡᠴᠡᠬᠦ ᠬᠠᠷᠠᠯᠲᠠ ᠶᠢ | ᠤᠷᠤᠭᠰᠢᠲᠠᠶ ᠪᠡᠶᠡᠯᠡᠭᠦᠯᠵᠤ᠂ ᠨᠠᠮ ᠤᠨ ᠦᠢᠯᠡᠰ ᠢ ᠬᠥᠭᠵᠢᠨ ᠮᠠᠨᠳᠤᠭᠤᠯᠵᠤ ᠥᠭᠡᠳᠡᠯᠡᠨ ᠰᠠᠶᠢᠵᠢᠷᠠᠭᠤᠯᠬᠤ ᠬᠡᠷᠡᠭᠲᠡᠢ | ᠃ ᠰᠢ ᠶᠢᠨ ᠫᠢᠩ ᠨᠥᠬᠦᠷ ᠢᠶᠠᠷ ᠶᠡᠷᠦᠩᠬᠡᠶ ᠱᠦᠵᠢ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠵᠤ᠂ ᠨᠠᠮ ᠤᠨ ᠰᠤᠷᠭᠠᠭᠤᠯᠢ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠲᠥᠪ ᠬᠤᠷᠢᠶᠠᠨ | ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠡᠰ ᠰᠢᠭᠤᠷᠬᠠᠶ ᠪᠠᠷ | ᠤᠷᠤᠭᠰᠢᠯᠠᠨ ᠲᠠᠪᠰᠢᠵᠤ᠂ ᠯᠠᠪᠳᠠᠭᠤᠨ ᠪᠠᠲᠤᠲᠠᠶ ᠠᠵᠢᠯᠯᠠᠨ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠯ ᠢ ᠨᠠᠶᠢᠳᠠᠪᠤᠷᠢᠵᠢᠭᠤᠯᠬᠤ ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢᠲᠦ | ᠣᠷᠣᠨ ᠢ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠭᠠᠷᠭᠠᠬᠤ ᠬᠡᠷᠡᠭᠲᠡᠶ ᠭᠡᠵᠡᠶ᠃ |