ᠤᠷᠳᠤᠰ ᠬᠤᠳᠠ ᠵᠠᠰᠠᠭ ᠤᠨ ᠣᠷᠳᠣᠨ ᠤ ᠨᠡᠶᠢᠭᠡᠮ ᠠᠴᠠ ᠦᠢᠯᠡᠴᠢᠯᠡᠭᠡ ᠬᠤᠳᠠᠯᠳᠤᠨ ᠠᠪᠬᠤ ᠶᠢ ᠳᠡᠭᠡᠭᠰᠢᠯᠡᠭᠦᠯᠬᠦ ᠬᠦᠷᠢᠶ᠎ᠡ ᠬᠡᠪᠴᠢᠶ᠎ᠡ ᠶᠢ ᠦᠷᠭᠡᠳᠬᠡᠬᠦ ᠲᠤᠷᠰᠢᠯᠲᠠ ᠶᠢᠨ ᠠᠵᠢᠯ ᠲᠦᠷᠦᠯ ᠢ ᠨᠤᠲᠠᠯᠠᠨ ᠲᠤᠭᠳᠠᠭᠠᠪᠠ
ᠨᠡᠶᠢᠲᠡᠯᠡᠭᠰᠡᠨ ᠴᠠᠭ᠄
2016/3/25
     ᠣᠶᠢᠷ᠎ᠠ ᠳᠤ᠂ ᠤᠷᠳᠤᠰ ᠬᠤᠳᠠ ᠶᠢᠨ ᠵᠠᠰᠠᠭ ᠤᠨ ᠣᠷᠳᠣᠨ ᠤ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠠᠵᠢᠯ ᠤᠨ ᠤᠳᠤᠷᠢᠳᠬᠤ ᠳᠤᠭᠤᠶᠢᠯᠠᠩ ︽ᠬᠤᠲᠠ ᠶᠢᠨ ᠲᠤᠰ ᠱᠠᠲᠤᠨ ᠤ 2016 ᠣᠨ ᠳᠤ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠶᠢ ᠳᠡᠭᠡᠭᠰᠢᠯᠡᠭᠦᠯᠵᠦ ᠬᠦᠷᠢᠶ᠎ᠡ ᠬᠡᠪᠴᠢᠶ᠎ᠡ ᠶᠢ ᠥᠷᠭᠡᠳᠬᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠪᠠᠭᠤᠯᠭᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠤᠲᠠ ᠶᠢᠨ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠵᠢᠯ ᠢ ᠵᠢᠷᠤᠮᠯᠠᠯ ᠲᠠᠢ ᠡᠮᠬᠢ ᠳᠠᠷᠠᠭ᠎ᠠ ᠲᠠᠢ ᠪᠠᠷ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ︽ᠮᠡᠳᠡᠭᠳᠡᠯ︾᠎ ᠳᠤ 2016 ᠣᠨ ᠳᠤ ᠬᠤᠲᠠ ᠶᠢᠨ ᠲᠤᠰ ᠱᠠᠲᠤᠨ ᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠶᠢ ᠳᠡᠭᠡᠭᠰᠢᠯᠡᠭᠦᠯᠬᠦ ᠬᠦᠷᠢᠶ᠎ᠡ ᠬᠡᠪᠴᠢᠶ᠎ᠡ ᠶᠢ ᠦᠷᠭᠡᠳᠬᠡᠬᠦ ᠲᠤᠷᠰᠢᠯᠲᠠ ᠶᠢᠨ ᠠᠵᠢᠯ ᠲᠦᠷᠦᠯ ᠢ ᠲᠤᠭᠲᠠᠭᠠᠪᠠ᠃ 2016 ᠣᠨ ᠳᠤ ᠲᠤᠷᠰᠢᠯᠲᠠ ᠶᠢᠨ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠬᠤᠲᠠ ᠶᠢᠨ ᠳᠤᠰ ᠱᠠᠲᠦ ᠨᠢ᠂ ᠨᠡᠶᠢᠭᠡᠮ ᠤᠨ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠬᠡᠦᠬᠡᠳ ᠤᠨ ᠠᠰᠠᠷᠠᠮᠵᠢ ᠶᠢᠨ ᠦᠢᠯᠡᠴᠢᠯᠡᠭᠡ᠂ ᠵᠡᠮᠳᠡᠭᠴᠦᠳ ᠤᠨ ᠦᠢᠯᠡᠴᠢᠯᠡᠭᠡ᠂ ᠨᠡᠶᠢᠭᠡᠮ ᠤᠨ ᠠᠰᠠᠷᠠᠮᠵᠢ᠂ ᠬᠠᠷᠠᠭᠠᠯᠵᠠᠯ ᠦᠵᠡᠭᠦᠯᠦᠨ ᠲᠥᠪᠬᠢᠨᠡᠭᠦᠯᠬᠦ ᠦᠢᠯᠡᠴᠢᠯᠡᠭᠡ᠂ ᠣᠷᠣᠨ ᠰᠠᠭᠤᠴᠠ ᠶᠢᠨ ᠪᠠᠲᠤᠯᠠᠭ᠎ᠠ᠂ ᠤᠯᠠᠨ ᠨᠡᠶᠢᠲᠡ ᠶᠢᠨ ᠰᠣᠶᠣᠯ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ᠂ ᠤᠯᠠᠨ ᠨᠡᠶᠢᠲᠡ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ︾ ᠦᠢᠯᠡᠴᠢᠯᠡᠭᠡ᠂ ᠣᠷᠴᠢᠨ ᠲᠤᠭᠤᠷᠢᠨ ᠤ ᠵᠠᠰᠠᠯᠲᠠ᠂ ᠬᠤᠳᠠ ᠶᠢᠨ ᠬᠠᠮᠠᠭᠠᠯᠠᠯᠲᠠ᠂ ᠤᠯᠠᠨ ᠨᠡᠶᠢᠲᠡ ᠶᠢᠨ ᠨᠡᠶᠢᠳᠡ ᠶᠢᠨ ᠠᠰᠠᠷᠠᠮᠵᠢ ᠶᠢᠨ ᠤᠬᠠᠭᠤᠯᠭ᠎ᠠ᠂ ᠬᠠᠤᠯᠢ ᠴᠠᠭᠠᠵᠠ ᠶᠢᠨ ᠦᠢᠯᠡᠴᠢᠯᠡᠭᠡ᠂ ᠬᠢᠨᠠᠨ ᠪᠣᠳᠣᠬᠤ ᠦᠢᠯᠡᠴᠢᠯᠡᠭᠡ᠂ ᠦᠨᠡᠯᠡᠨ ᠵᠢᠱᠢᠬᠦ᠂ ᠠᠵᠢᠯ ᠤᠨ ᠠᠮᠵᠢᠯᠲᠠ ᠶᠢᠨ ᠦᠨᠡᠯᠡᠯᠲᠡ᠂ ᠲᠥᠷᠥᠯ ᠵᠦᠢᠯ ᠤᠨ ᠬᠢᠨᠠᠨ ᠰᠢᠯᠭᠠᠬᠤ᠂ ᠪᠠᠷᠢᠮᠵᠢᠶ᠎ᠠ ᠶᠢᠨ ᠦᠨᠡᠯᠡᠯᠲᠡ ᠶᠢᠨ ᠭᠦᠢᠴᠡᠳᠬᠡᠬᠦ ᠲᠤᠭ᠎ᠠ ᠲᠣᠭᠲᠠᠭᠠᠬᠤ᠂ ᠨᠡᠶᠢᠭᠡᠮ ᠤᠨ ᠪᠠᠶᠢᠴᠠᠭᠠᠯᠲᠠ᠂ ᠠᠵᠢᠯ ᠲᠦᠷᠦᠯ ᠠᠵᠢᠯ ᠮᠡᠷᠭᠡᠵᠢᠯ ᠤᠨ ᠬᠢᠷᠢ ᠬᠡᠮ ᠪᠠ ᠬᠢᠷᠢ ᠬᠡᠮᠵᠢᠶᠡᠨ ᠤ ᠰᠢᠯᠭᠠᠯᠲᠠ ᠶᠢᠨ ᠬᠠᠮᠢᠶᠠᠷᠤᠯᠲᠠ᠂ ᠠᠵᠢᠯ ᠲᠥᠷᠥᠯ ᠤᠨ ᠪᠠᠶᠢᠴᠠᠭᠠᠯᠲᠠ᠂ ᠠᠵᠢᠯ ᠲᠦᠷᠦᠯ ᠤᠨ ᠲᠥᠯᠥᠪᠵᠢᠭᠦᠯᠭᠡ᠂ ᠠᠵᠢᠯ ᠲᠥᠷᠥᠯ ᠤᠨ ᠪᠦᠷᠢᠳᠬᠡᠯ ᠤᠨ ᠵᠠᠳᠠᠯᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠣᠯᠤᠨ ᠬᠠᠮᠢᠶᠠᠷᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ᠂ ᠮᠡᠷᠭᠡᠵᠢᠯ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠬᠢᠨᠠᠨ ᠬᠡᠮᠵᠢᠬᠦ ᠦᠢᠯᠡᠴᠢᠯᠡᠭᠡ᠂ ᠰᠣᠨᠢᠨ ᠮᠡᠳᠡᠭᠡ ᠬᠡᠪᠯᠡᠯ ᠵᠡᠷᠭᠡ ᠦᠢᠯᠡᠴᠢᠯᠡᠭᠡ ᠶᠢ ᠳᠡᠭᠡᠭᠰᠢᠯᠡᠭᠦᠯᠵᠦ ᠬᠦᠷᠢᠶ᠎ᠡ ᠬᠡᠪᠴᠢᠶ᠎ᠡ ᠶᠢ ᠦᠷᠭᠡᠳᠬᠡᠬᠦ ᠲᠤᠷᠰᠢᠯᠲᠠ ᠶᠢᠨ ᠠᠵᠢᠯ ᠲᠦᠷᠦᠯ ᠨᠤᠲᠠᠯᠠᠨ ᠲᠤᠭᠲᠠᠭᠠᠪᠠ᠃ ᠡᠯ᠎ᠡ ᠬᠤᠰᠢᠭᠤ ᠲᠤᠭᠤᠷᠢᠭ ᠨᠤᠭᠤᠳ ᠬᠤᠲᠠ ᠶᠢᠨ ᠲᠤᠰ ᠱᠠᠲᠤ ᠪᠠᠷ ᠯᠠᠪᠯᠠᠯᠲᠠ ᠪᠤᠯᠭᠠᠭᠰᠠᠨ ᠰᠠᠭᠤᠷᠢᠨ ᠳᠡᠭᠡᠷ᠎ᠡ᠂ ᠦᠢᠯᠡᠴᠢᠯᠡᠭᠡ ᠶᠢ ᠳᠡᠭᠡᠭᠰᠢᠯᠡᠭᠦᠯᠬᠦ ᠬᠦᠷᠢᠶ᠎ᠠ ᠬᠡᠪᠴᠢᠶ᠎ᠡ ᠶᠢ ᠦᠷᠭᠡᠳᠬᠡᠬᠦ ᠲᠤᠷᠰᠢᠯᠲᠠ ᠶᠢᠨ ᠠᠵᠢᠯ ᠲᠦᠷᠦᠯ ᠪᠣᠯᠤᠨ ᠲᠥᠷᠥᠯ ᠵᠦᠢᠯ ᠢ ᠨᠡᠮᠡᠨ ᠪᠠᠶᠢᠭᠤᠯᠬᠤ ᠪᠠᠨ ᠦᠪᠡᠷᠲᠡᠭᠡᠨ ᠲᠤᠭᠲᠠᠭᠠᠵᠤ ᠠᠵᠢᠯ ᠢᠶᠠᠨ ᠦᠷᠨᠢᠭᠦᠯᠵᠦ ᠪᠤᠯᠤᠨ᠎ᠠ᠂ ᠢᠯᠠᠩᠭᠤᠶ᠎ᠠ ᠴᠡᠴᠡᠷᠯᠢᠭ ᠤᠨ ᠨᠣᠭᠤᠭᠠᠷᠠᠭᠤᠯᠤᠯᠲᠠ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠬᠦᠷᠢᠶ᠎ᠡ ᠨᠢ ᠲᠤᠷᠰᠢᠯᠲᠠ ᠶᠢᠨ ᠬᠡᠪᠴᠢᠶ᠎ᠡ ᠪᠠᠨ ᠦᠷᠭᠡᠳᠬᠡᠬᠦ ᠶᠢ ᠡᠩ ᠲᠡᠷᠢᠭᠦᠨ ᠳᠤ ᠥᠷᠨᠢᠭᠦᠯᠵᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号