ᠤᠢᠢᠷ᠎ᠠ ᠶᠢᠨ ᠵᠢᠯ ᠤᠳ ᠲᠤ᠂ ᠰᠢᠯᠢ ᠶᠢᠨ ᠭᠤᠣᠯ ᠠᠶᠢᠮᠠᠭ ᠠᠵᠤ ᠠᠬᠤᠶ ᠶᠢᠨ ᠬᠥᠭᠵᠢᠯᠲᠡ ᠶᠢ ᠲᠦᠷᠭᠡᠨ | ᠲᠦᠯᠬᠢᠨ ᠠᠬᠢᠭᠤᠯᠬᠤ ᠶᠢᠨ ᠬᠠᠮᠲᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠭᠤᠣᠯᠳᠠᠯᠭ᠎ᠠ | ᠪᠣᠯᠭᠠᠭᠰᠠᠨ ᠨᠡᠶᠢᠭᠡᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠴᠢᠷᠳᠡᠯᠲᠡᠶ ᠤᠯᠠᠨ | ᠲᠦᠮᠡᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠠᠵᠤ ᠠᠬᠤᠶ ᠶᠢᠨ ᠨᠡᠮᠡᠭᠳᠡᠯ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠠᠢ ᠬᠠᠮᠲᠤ ᠪᠠᠷ ᠨᠡᠮᠡᠭᠳᠡᠭᠦᠯᠬᠦ ᠬᠡᠪ ᠪᠠᠶᠢᠳᠠᠯ ᠢ ᠬᠦᠴᠦᠯᠡᠨ ᠪᠣᠢ | ᠪᠣᠯᠭᠠᠵᠤ᠂ ᠨᠡᠶᠢᠭᠡᠮ ᠤᠨ ᠪᠠᠭᠤᠷᠠᠶ ᠪᠦᠯᠦᠭ ᠬᠥᠮᠥᠰ ᠢ ᠥᠷᠭᠡᠨ ᠤᠯᠠᠨ ᠠᠷᠠᠳ ᠲᠦᠮᠡᠨ ᠲᠠᠢ ᠬᠠᠮᠲᠤ ᠪᠠᠷ | ᠥᠭᠡᠷᠡᠴᠢᠯᠡᠯᠲᠡ ᠬᠥᠭᠵᠢᠯᠲᠡ ᠶᠢᠨ ᠵᠣᠯ ᠵᠢᠷᠭᠠᠯᠲᠤ ᠦᠷ᠎ᠡ ᠪᠦᠲᠦᠭᠡᠯ ᠢ ᠡᠳ᠋ᠯᠡᠭᠦᠯᠬᠦ ᠶᠢ ᠪᠠᠲᠤᠯᠠᠪᠠ᠃ 2016 | ᠣᠨ ᠳᠤ᠂ ᠰᠢᠯᠢ ᠶᠢᠨ ᠭᠤᠣᠯ ᠠᠶᠢᠮᠠᠭ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠦᠷᠭᠦᠯᠵᠢᠯᠡᠨ | ᠳᠡᠭᠡᠭᠰᠢᠯᠡᠭᠦᠯᠵᠦ᠂ ᠨᠢᠭᠡᠳᠦᠯᠲᠡᠶ ᠪᠠᠷ ︽ᠪᠦᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢᠨ | ᠬᠤᠯᠪᠣᠭᠳᠠᠯ ᠪᠦᠬᠦᠢ ᠶᠠᠪᠤᠳᠠᠯ ᠤᠳ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ | 23 ᠳ᠋ᠤᠭᠠᠷ ᠲᠣᠭᠠᠲᠤ︶ ᠳᠤ ᠬᠢᠨᠠᠨ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠬᠡᠷᠡᠭᠵᠢᠭᠦᠯᠵᠦ᠂ ᠰᠢᠯᠢ ᠶᠢᠨ ᠭᠤᠣᠯ | ᠠᠶᠢᠮᠠᠭ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠳᠤᠮᠳᠠᠴᠢ ᠪᠠᠷᠢᠮᠵᠢᠶ᠎ᠠ ᠶᠢ ᠲᠤᠰ ᠲᠤᠰ ᠰᠠᠷ᠎ᠠ ᠳᠤ ᠬᠥᠮᠦᠨ ᠪᠦᠷᠢ ᠳᠤᠮᠳᠠᠴᠢ ᠪᠠᠷ 600 ᠲᠥᠭᠦᠷᠢᠭ ᠪᠣᠯᠣᠨ | ᠵᠢᠯ ᠳᠤ ᠬᠥᠮᠦᠨ ᠪᠦᠷᠢ ᠳᠤᠮᠳᠠᠴᠢ ᠪᠠᠷ 4500 ᠲᠥᠭᠦᠷᠢᠭ ᠲᠤ ᠬᠦᠷᠦᠭᠦᠯᠵᠦ᠂ ᠲᠠᠷᠢᠶᠠᠯᠠᠬᠤ ᠮᠠᠯᠵᠢᠬᠤ ᠣᠷᠣᠨ ᠤ | ᠲᠠᠪᠤᠨ ᠪᠠᠲᠤᠯᠠᠭᠠᠲᠤ ᠡᠷᠤᠬᠡ ᠶᠢ ᠲᠥᠪᠯᠡᠷᠡᠭᠦᠯᠬᠦ ᠪᠠ ᠲᠠᠷᠠᠬᠠᠶ ᠪᠠᠷ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ | ᠲᠤᠰ ᠲᠤᠰ ᠵᠢᠯ ᠳᠤ ᠬᠥᠮᠦᠨ ᠪᠦᠷᠢ ᠳᠤᠮᠳᠠᠴᠢ ᠪᠠᠷ 9500 ᠲᠥᠭᠦᠷᠢᠭ ᠪᠣᠯᠣᠨ 5000 ᠲᠥᠭᠦᠷᠢᠭ ᠲᠤ | ᠬᠦᠷᠦᠭᠦᠯᠵᠦ᠂ ᠬᠤᠲᠠ ᠪᠠᠯᠭᠠᠰᠤ ᠶᠢᠨ ︽ᠭᠤᠷᠪᠠ ᠦᠬᠡᠢ︾ ᠬᠥᠮᠦᠰ ᠢ ᠲᠥᠪᠯᠡᠷᠡᠭᠦᠯᠬᠦ ᠪᠠ ᠲᠠᠷᠠᠬᠠᠶ ᠪᠠᠷ ᠠᠰᠠᠷᠠᠨ | ᠲᠡᠵᠢᠭᠡᠬᠦ ᠳᠤᠮᠳᠠᠴᠢ ᠪᠠᠷᠢᠮᠵᠢᠶ᠎ᠠ ᠶᠢ ᠲᠤᠰ ᠲᠤᠰ ᠰᠠᠷ᠎ᠠ ᠳᠤ ᠬᠥᠮᠦᠨ ᠪᠦᠷᠢ ᠳᠤᠮᠳᠠᠴᠢ ᠪᠠᠷ 1300 ᠲᠥᠭᠦᠷᠢᠭ | ᠪᠣᠯᠣᠨ 900 ᠲᠥᠭᠦᠷᠢᠭ ᠲᠤ ᠬᠦᠷᠦᠭᠦᠯᠬᠦ ᠪᠠᠷ ᠪᠠᠶᠢᠨ᠎ᠠ᠃ |