ᠪᠦᠬᠦ ᠣᠷᠣᠨ ᠤ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠪᠣᠭᠤᠮᠲᠠ ᠪᠠᠷ ᠥᠩᠭᠡᠷᠡᠭᠦᠯᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/3/25
     3 ᠳ᠋ᠤᠭᠠᠷ ᠰᠠᠷ᠎ᠠ ᠶᠢᠨ 22 ᠤᠨ ᠡᠳᠦᠷ᠂ ᠪᠦᠬᠦ ᠣᠷᠣᠨ ᠤ ᠰᠢᠯᠭᠠᠨ ᠪᠠᠶᠢᠴᠠᠭᠠᠬᠤ ᠬᠢᠵᠢᠭ   ᠪᠠᠶᠢᠴᠠᠭᠠᠬᠤ ᠪᠣᠭᠤᠮᠲᠠ ᠪᠠᠷ ᠥᠩᠭᠡᠷᠡᠭᠦᠯᠬᠦ ᠠᠵᠢᠯ ᠤᠨ ᠬᠤᠷᠠᠯ ᠬᠤᠷᠠᠯᠳᠤᠵᠤ᠂ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠶᠢᠨ ᠳᠡᠳ᠋ ᠳᠠᠷᠤᠭ᠎ᠠ ᠬᠤᠸᠠᠩ ᠶᠦᠩ ︽ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠪᠣᠭᠤᠮᠲᠠ ᠪᠠᠷ ᠥᠩᠭᠡᠷᠡᠭᠦᠯᠬᠦ ᠠᠵᠢᠯ ᠤᠨ ᠰᠢᠨ᠎ᠡ ᠪᠠᠶᠢᠳᠠᠯ ᠢ ᠬᠦᠴᠦᠯᠡᠨ ᠪᠤᠢ ᠪᠣᠯᠭᠠᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠵᠠᠶ᠃      ᠬᠤᠸᠠᠩ ᠶᠦᠩ ᠳᠡᠳ᠋ ᠳᠠᠷᠤᠭ᠎ᠠ ᠣᠳᠣᠬᠠᠨ ᠤ ᠪᠣᠭᠤᠮᠲᠠ ᠪᠠᠷ ᠥᠩᠭᠡᠷᠡᠭᠦᠯᠬᠦ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠵᠠᠳᠠᠯᠵᠤ᠂ ᠪᠣᠭᠤᠮᠲᠠ ᠪᠠᠷ ᠥᠩᠭᠡᠷᠡᠭᠦᠯᠬᠦ ᠲᠤᠬᠠᠶᠢᠯᠠᠭᠰᠠᠨ ᠠᠵᠢᠯ ᠤᠨ ᠡᠭᠦᠷᠭᠡ ᠬᠠᠷᠢᠭᠤᠴᠠᠯᠭ᠎ᠠ ᠪᠣᠯᠣᠨ ᠡᠭᠦᠷᠭᠡ ᠶᠢ ᠵᠥᠪ ᠣᠨᠣᠪᠴᠢᠲᠠᠶ ᠪᠠᠷ ᠲᠣᠳᠣᠷᠬᠠᠶᠢᠯᠠᠨ ᠥᠭᠦᠯᠡᠵᠦ᠂ ᠪᠣᠭᠤᠮᠲᠠ ᠪᠠᠷ ᠥᠩᠭᠡᠷᠡᠭᠦᠯᠬᠦ ᠲᠤᠬᠠᠶᠢᠯᠠᠭᠰᠠᠨ ᠠᠵᠢᠯ ᠤᠨ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠭᠦᠨᠵᠡᠭᠡᠶ ᠵᠠᠳᠠᠯᠤᠨ ᠰᠢᠨᠵᠢᠯᠡᠵᠦ᠂ 2016 ᠣᠨ ᠴᠢᠨᠠᠭᠰᠢᠯᠠᠪᠠᠯ ᠬᠤᠶᠢᠰᠢᠳᠠ ᠶᠢᠨ ᠨᠢᠭᠡ ᠬᠤᠭᠤᠴᠠᠭᠠᠨ ᠤ ᠪᠣᠭᠤᠮᠲᠠ ᠪᠠᠷ ᠥᠩᠭᠡᠷᠡᠭᠦᠯᠬᠦ ᠲᠤᠬᠠᠶᠢᠯᠠᠭᠰᠠᠨ ᠠᠵᠢᠯ ᠳᠤ ︽ᠦᠵᠡᠯᠲᠡ ᠲᠠᠨᠢᠯᠲᠠ ᠪᠠᠨ ᠬᠤᠪᠢᠷᠠᠭᠤᠯᠵᠤ᠂ ᠪᠠᠶᠢᠷᠢ ᠲᠣᠭᠲᠠᠭᠠᠯᠲᠠ ᠪᠠᠨ ᠲᠣᠲᠣᠷᠬᠠᠶᠢᠯᠠᠬᠤ᠂  ᠴᠢᠳᠠᠪᠤᠷᠢ ᠪᠠᠨ ᠳᠡᠭᠡᠭᠰᠢᠯᠡᠭᠦᠯᠵᠦ᠂ ᠰᠠᠭᠤᠷᠢ ᠪᠠᠨ ᠰᠠᠶᠢᠲᠤᠷ ᠲᠠᠯᠪᠢᠬᠤ᠂ ᠭᠤᠣᠯᠳᠠᠯᠭ᠎ᠠ ᠲᠠᠢ ᠰᠢᠪᠲᠤᠯᠵᠤ᠂ ᠪᠦᠬᠦ ᠲᠠᠯ᠎ᠠ ᠪᠠᠷ ᠲᠦᠯᠬᠢᠨ ᠠᠬᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ︾ ᠲᠦᠷᠪᠡᠨ ᠵᠦᠢᠯ ᠤᠨ ᠱᠠᠭᠠᠷᠳᠠᠯᠭ᠎ᠠ ᠳᠤᠷᠠᠳᠤᠭᠰᠠᠨ ᠪᠥᠭᠡᠳ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠣᠨᠴᠠ ᠴᠢᠬᠤᠯᠠᠴᠢᠯᠠᠵᠤ᠂ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠠᠳᠬᠤᠬᠤ ᠶᠢ ᠴᠢᠩᠭᠠᠳᠬᠠᠵᠤ᠂ ᠲᠣᠭᠲᠠᠴᠠ ᠶᠢ ᠠᠳᠬᠤᠬᠤ ᠨᠠᠶᠢᠳᠠᠪᠤᠷᠢᠵᠢᠭᠤᠯᠤᠯᠲᠠ ᠶᠢ  ᠪᠦᠷᠢᠨᠰᠢᠭᠦᠯᠵᠦ᠂ ᠰᠢᠮᠳᠠᠭᠤᠯᠤᠨ ᠪᠠᠶᠢᠴᠠᠭᠠᠬᠤ ᠪᠠ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠣᠷᠭᠠᠨᠢᠭ ᠢᠶᠠᠷ ᠤᠶᠠᠯᠳᠤᠭᠤᠯᠤᠨ᠂ ᠪᠣᠭᠤᠮᠲᠠ ᠪᠠᠷ ᠥᠩᠭᠡᠷᠡᠭᠦᠯᠬᠦ ᠠᠵᠢᠯ ᠢ ᠪᠦᠬᠦ ᠲᠠᠯ᠎ᠠ ᠪᠠᠷ ᠬᠦᠭᠵᠢᠭᠦᠯᠬᠦ ᠶᠢ ᠠᠬᠢᠭᠤᠯᠬᠤ ᠬᠡᠷᠡᠭᠲᠡᠶ ᠭᠡᠪᠡ᠃      ᠬᠤᠷᠠᠯ ᠠᠴᠠ ᠪᠠᠰᠠ 2016 ᠣᠨ ᠤ ᠪᠣᠭᠤᠮᠲᠠ ᠪᠠᠷ ᠥᠩᠭᠡᠷᠡᠭᠦᠯᠬᠦ ᠲᠤᠬᠠᠶᠢᠯᠠᠭᠰᠠᠨ ᠠᠵᠢᠯ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠠᠶ᠃ ᠨᠢᠭᠡ ᠳᠤ ᠲᠤᠬᠠᠶᠢᠯᠠᠭᠰᠠᠨ ᠠᠵᠢᠯ ᠤᠨ ᠪᠠᠶᠢᠴᠠᠭᠠᠨ  ᠰᠤᠳᠤᠯᠬᠤ ᠶᠢ ᠴᠢᠩᠭᠠᠳᠬᠠᠵᠤ᠂ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔ ᠬᠤᠶᠠᠷ ᠲᠤ ᠤᠯᠠᠮᠵᠢᠯᠠᠯᠲᠤ ᠪᠣᠭᠤᠮᠲᠠ ᠶᠢᠨ ᠬᠠᠮᠢᠶᠠᠷᠤᠯᠲᠠ ᠶᠢᠨ ᠰᠡᠳᠬᠢᠬᠦᠶ ᠶᠢᠨ ᠵᠠᠭᠪᠤᠷᠰᠢᠯ ᠢ ᠥᠷᠭᠡᠳᠬᠡᠵᠦ᠂ ᠪᠣᠭᠤᠮᠲᠠ ᠶᠢᠨ ᠦᠢᠯᠡᠴᠢᠯᠡᠭᠡᠨ ᠤ ᠴᠢᠳᠠᠪᠬᠢ ᠶᠢ ᠪᠦᠷᠢᠨᠰᠢᠭᠦᠯᠬᠦ ᠬᠡᠷᠡᠭᠲᠡᠢ︔ ᠭᠤᠷᠪᠠ ᠳᠤ  ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠪᠣᠭᠤᠮᠲᠠ ᠪᠠᠷ ᠥᠩᠭᠡᠷᠡᠭᠦᠯᠬᠦ ᠶᠢ ᠨᠢᠭᠡ ᠴᠤᠭᠴᠠᠵᠢᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠠᠷᠠᠯᠵᠢᠶᠠᠨ ᠤ ᠳᠥᠭᠦᠮᠴᠢᠯᠡᠯᠲᠡ ᠶᠢᠨ ᠲᠦᠪᠰᠢᠨ ᠢ  ᠳᠡᠭᠡᠭᠰᠢᠯᠡᠭᠦᠯᠬᠦ ᠬᠡᠷᠡᠭᠲᠡᠢ︔ ᠲᠦᠷᠪᠡ ᠳᠤ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ︔ ᠲᠠᠪᠤ ᠳᠤ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠶᠢᠨ ᠬᠢᠨᠠᠯᠲᠠ ᠬᠠᠮᠢᠶᠠᠷᠤᠯᠲᠠ ᠶᠢᠨ  ᠵᠠᠭᠪᠤᠷᠰᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ  ᠳᠡᠮᠵᠢᠬᠦ ᠬᠡᠷᠡᠭᠲᠡᠢ︔ ᠵᠢᠷᠭᠤᠭ᠎ᠠ ᠳᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ︔ ᠲᠤᠯᠤᠭ᠎ᠠ ᠳᠤ ᠦᠢᠯᠡᠴᠢᠯᠡᠬᠦ ᠤᠬᠠᠮᠰᠠᠷ ᠢᠶᠠᠨ ᠴᠢᠩᠭᠠᠷᠠᠭᠤᠯᠵᠤ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠶᠢᠨ ᠪᠣᠭᠤᠮᠲᠠ ᠪᠠᠷ ᠥᠩᠭᠡᠷᠡᠭᠦᠯᠬᠦ ᠲᠤᠬᠠᠶᠢᠯᠠᠭᠰᠠᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃      ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠲᠤᠬᠠᠶᠢᠯᠠᠭᠰᠠᠨ ᠠᠵᠢᠯ ᠤᠨ ᠭᠠᠵᠠᠷ ᠭᠡᠷ᠂ ᠰᠠᠯᠪᠤᠷᠢ ᠪᠠᠶᠢᠭᠤᠯᠤᠮᠵᠢ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠂ ᠶᠡᠷᠦᠩᠭᠡᠢ ᠶᠠᠪᠤᠳᠠᠯ᠂ ᠪᠠᠶᠢᠴᠠᠭᠠᠬᠤ ᠶᠠᠪᠤᠳᠠᠯ᠂ ᠪᠣᠭᠤᠮᠲᠠ ᠶᠢᠨ ᠰᠠᠯᠠᠭ᠎ᠠ ᠮᠥᠴᠢᠷ ᠤᠨ ᠪᠦᠬᠦ ᠠᠵᠢᠯᠲᠠᠳ᠂ ᠮᠠᠨᠵᠤᠤᠷ᠂ ᠡᠷᠢᠶᠡᠨ ᠬᠤᠳᠠ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠶᠢᠨ ᠵᠠᠰᠠᠮᠠᠯ ᠵᠠᠮ᠂ ᠲᠡᠮᠤᠷ ᠵᠠᠮ ᠤᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠬᠥᠮᠦᠰ ᠬᠤᠷᠠᠯ ᠳᠤ ᠣᠷᠣᠯᠴᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号