2016 ᠣᠨ ᠤ ᠪᠦᠬᠦ ᠣᠷᠣᠨ ᠤ ᠬᠡᠮᠵᠢᠯᠲᠡ ᠶᠢᠨ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/3/28
     2016 ᠤᠨ ᠤ 3 ᠳ᠋ᠤᠭᠠᠷ ᠰᠠᠷ᠎ᠠ ᠶᠢᠨ 23᠎ ᠤ ᠡᠳᠦᠷ᠂ ᠥᠪᠥᠷ ᠮᠣᠩᠭᠤᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠠᠴᠠ 2016 ᠣᠨ ᠤ ᠪᠦᠬᠦ ᠣᠷᠣᠨ ᠤ ᠬᠡᠮᠵᠢᠯᠲᠡ ᠶᠢᠨ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠢ ᠬᠤᠷᠠᠯᠳᠤᠭᠤᠯᠪᠠ᠃ ᠥᠪᠥᠷ ᠮᠣᠩᠭᠤᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠲᠤᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠡᠦ ᠯᠦ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠬᠡᠮᠵᠢᠯᠲᠡ ᠶᠢᠨ ᠭᠠᠵᠠᠷ ᠤᠨ ᠳᠠᠷᠤᠭ᠎ᠠ ᠵᠠᠩ ᠶᠦᠡᠭ ᠴᠧᠨ ᠠᠵᠢᠯ ᠤᠨ ᠮᠡᠳᠡᠭᠦᠯᠦᠯᠲᠡ ᠬᠢᠪᠡ᠃      ᠬᠤᠷᠠᠯ ᠳᠤ ᠪᠦᠬᠦ ᠤᠯᠤᠰ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠢᠰᠲ᠋ᠧᠮ ᠤᠨ 2016 ᠣᠨ ᠤ ᠬᠡᠮᠵᠢᠯᠲᠡ ᠶᠢᠨ ᠠᠵᠢᠯ ᠤᠨ ᠭᠤᠣᠯᠳᠠᠯᠭ᠎ᠠ ᠶᠢ ᠤᠯᠠᠮᠵᠢᠯᠠᠵᠤ᠂ 2015 ᠣᠨ ᠤ ᠪᠦᠬᠦ ᠣᠷᠣᠨ ᠤ ᠬᠡᠮᠵᠢᠯᠲᠡ ᠶᠢᠨ ᠠᠵᠢᠯ ᠢ ᠳ᠋ᠦᠩᠨᠡᠵᠦ᠂ 2016 ᠣᠨ ᠤ ᠪᠦᠬᠦ ᠣᠷᠣᠨ ᠤ ᠬᠡᠮᠵᠢᠯᠲᠡ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠠᠶ᠃ ᠬᠤᠷᠠᠯ ᠳᠡᠭᠡᠷ᠎ᠡ 2015 ᠣᠨ ᠤ ᠡᠨᠧᠷᠭᠢ ᠶᠢᠨ ᠬᠡᠮᠵᠢᠯᠲᠡ ᠶᠢ ᠪᠠᠶᠢᠴᠠᠭᠠᠬᠤ ᠠᠵᠢᠯ ᠤᠨ ᠲᠡᠷᠢᠭᠦᠨ ᠤ ᠨᠢᠭᠡᠴᠡ ᠪᠤᠯᠤᠨ ᠬᠤᠪᠢ ᠬᠥᠮᠦᠨ ᠢ ᠰᠠᠶᠢᠰᠢᠶᠠᠨ ᠬᠦᠬᠢᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ 29 ᠨᠢᠭᠡᠴᠡ ᠳᠤ ᠪᠦᠬᠦ ᠣᠷᠣᠨ ᠤ ︽ᠬᠡᠮᠵᠢᠯᠲᠡ ᠶᠢᠨ ᠢᠲᠡᠭᠡᠮᠵᠢᠲᠡᠶ ᠵᠢᠱᠢᠶᠡᠴᠢ ᠨᠢᠬᠡᠴᠡ︾ ᠭᠡᠬᠦ ᠢᠷᠠᠭᠤ ᠠᠯᠳᠠᠷ ᠢᠶᠠᠷ ᠴᠤᠯᠯᠠᠪᠠ᠃      ᠡᠦ ᠯᠦ ᠰᠢ 2015 ᠣᠨ ᠤ ᠥᠪᠥᠷ ᠮᠣᠩᠭᠤᠯ ᠤᠨ ᠬᠡᠮᠵᠢᠯᠲᠡ ᠶᠢᠨ ᠠᠵᠢᠯ ᠢ ᠭᠦᠢᠴᠡᠳ ᠨᠤᠲᠠᠯᠠᠪᠠ᠃ ᠲᠡᠷᠡ ︽ᠬᠡᠮᠵᠢᠯᠲᠡ ᠶᠢᠨ ᠬᠥᠭᠵᠢᠯᠲᠡ ᠶᠢᠨ ᠲᠥᠯᠥᠪᠵᠢᠭᠦᠯᠭᠡ ︵2013 — 2020 ᠣᠨ︶︾᠎ ᠶᠢ ᠤᠯᠠᠮ ᠨᠢᠭᠡ ᠠᠯᠬᠤᠮ ᠠᠬᠢᠭᠤᠯᠤᠨ ᠨᠠᠶᠢᠳᠠᠪᠤᠷᠢᠵᠢᠭᠤᠯᠵᠤ᠂ ᠬᠡᠮᠵᠢᠯᠲᠡ ᠶᠢᠨ ᠠᠵᠢᠯ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠳᠤ ᠪᠦᠬᠦ ᠲᠠᠯ᠎ᠠ ᠪᠠᠷ ᠦᠢᠯᠡᠴᠢᠯᠡᠬᠦ ᠪᠠ ᠬᠢᠷᠢ ᠲᠦᠪᠰᠢᠨ ᠢ ᠳᠡᠭᠡᠭᠰᠢᠯᠡᠬᠦᠯᠬᠦ ᠲᠠᠯ᠎ᠠ ᠪᠠᠷ ᠰᠠᠨᠠᠯ ᠳᠤᠷᠠᠳᠪᠠ᠂ ᠨᠢᠭᠡ ᠳᠤ ᠰᠢᠨ᠎ᠡ ᠬᠡᠪ ᠪᠠᠶᠢᠳᠠᠯ ᠳᠤᠤᠷᠠᠬᠢ ᠬᠡᠮᠵᠢᠯᠲᠡ ᠶᠢᠨ ᠠᠵᠢᠯ ᠤᠨ ᠲᠤᠬᠠᠶ ᠲᠠᠨᠢᠯᠲᠠ ᠪᠠᠨ ᠳᠡᠭᠡᠭᠰᠢᠯᠡᠬᠦᠯᠬᠦ ᠬᠡᠷᠡᠭᠲᠠᠢ︔ ᠬᠤᠶᠠᠷ ᠲᠤ ᠬᠡᠮᠵᠢᠯᠲᠡ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ︔ ᠭᠤᠷᠪᠠ ᠳᠤ ᠬᠡᠮᠵᠢᠯᠲᠡ ᠶᠢᠨ  ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠠᠢ︔ ᠲᠦᠷᠪᠡ ᠳᠤ ᠠᠷᠠᠳ ᠤᠨ ᠠᠮᠢᠳᠤᠷᠠᠯ ᠤᠨ ᠬᠡᠮᠵᠢᠯᠲᠡ᠂  ᠠᠵᠤ ᠦᠢᠯᠡᠳᠪᠦᠷᠢ ᠶᠢᠨ ᠬᠡᠮᠵᠢᠯᠲᠡ᠂ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠡᠷᠭᠡ ᠠᠵᠢᠯ ᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠠᠢ ᠬᠡᠪᠡ᠃      ᠡᠦ ᠯᠦ ᠰᠢ ᠴᠢᠬᠤᠯᠠᠴᠢᠯᠠᠭᠰᠠᠨ ᠨᠢ᠂ ᠪᠦᠬᠦ ᠣᠷᠣᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠰᠢᠰᠲ᠋ᠧᠮ ᠵᠠᠪᠠᠯ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠷᠢᠨ ᠤᠨᠤᠪᠴᠢᠲᠠᠢ ᠤᠶᠢᠯᠠᠭᠠᠵᠤ᠂ ᠶᠠᠰᠤ ᠴᠢᠨᠠᠷ ᠢ ᠳᠡᠭᠡᠭᠰᠢᠯᠡᠬᠦᠯᠬᠦ ᠰᠢᠨ᠎ᠡ ᠬᠦᠳᠡᠯᠭᠡᠬᠦ ᠴᠢᠳᠠᠪᠬᠢ ᠶᠢᠨ ᠡᠭᠦᠳᠡᠨ ᠠᠴᠠ᠂ ᠳᠣᠲᠣᠭᠠᠳᠤ ᠳᠠᠭᠠᠨ ᠰᠢᠨ᠎ᠡ ᠬᠥᠳᠡᠯᠭᠡᠬᠦ ᠲᠣᠭᠲᠠᠴᠠ ᠶᠢ ᠪᠤᠢ ᠪᠤᠯᠭᠠᠬᠤ ᠬᠡᠷᠡᠭᠲᠠᠢ᠃ ᠡᠯ᠎ᠡ ᠱᠠᠲᠤᠨ ᠤ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠨᠤᠭᠤᠳ ᠬᠡᠮᠵᠢᠯᠲᠡ ᠶᠢᠨ ᠦᠢᠯᠡᠴᠢᠯᠡᠭᠡ ᠶᠢ ᠠᠵᠤ ᠦᠢᠯᠡᠰ ᠤᠨ ᠬᠥᠭᠵᠢᠯᠲᠡ ᠳᠤᠮᠳᠠ ᠣᠷᠭᠠᠨᠢᠭ ᠢᠶᠠᠷ ᠠᠭᠤᠰᠬᠠᠵᠤ᠂ ᠠᠵᠤ ᠦᠢᠯᠡᠰ ᠪᠤᠯᠤᠨ ᠠᠵᠤ ᠠᠬᠤᠶᠢᠯᠠᠯ ᠤᠨ ᠪᠣᠳᠠᠲᠠᠶ ᠬᠡᠷᠡᠭᠴᠡᠭᠡ ᠶᠢ ᠭᠦᠨᠵᠡᠭᠡᠶ ᠣᠶᠢᠯᠠᠭᠠᠵᠤ᠂ ᠬᠡᠮᠵᠢᠨ ᠰᠢᠯᠭᠠᠬᠤ ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠵᠤ᠂ ᠵᠦᠪ ᠤᠨᠤᠪᠴᠢᠲᠠᠢ ᠬᠦᠴᠦᠯᠡᠨ ᠪᠡᠶᠡᠯᠡᠭᠦᠯᠬᠦ ᠬᠡᠷᠡᠭᠲᠡᠶ᠃ ᠨᠡᠶᠢᠭᠡᠮ ᠳᠠᠶᠠᠭᠠᠷ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠬᠡᠮᠵᠢᠯᠲᠡ ᠶᠢᠨ ᠠᠵᠢᠯ ᠢ ᠬᠦᠨᠳᠦᠳᠭᠡᠵᠤ᠂ ᠬᠡᠮᠵᠢᠯᠲᠡ ᠶᠢᠨ ᠬᠡᠪ ᠵᠢᠱᠢᠶ᠎ᠡ ᠦᠵᠡᠭᠦᠯᠵᠤ᠂ ᠬᠡᠮᠵᠢᠯᠲᠡ ᠶᠢᠨ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠵᠤ᠂ ᠬᠡᠮᠵᠢᠯᠲᠡ ᠶᠢ ᠶᠠᠰᠤ ᠴᠢᠨᠠᠷ ᠤᠨ ︽ᠨᠢᠳᠦ︾ ᠪᠤᠯᠤᠨ ︽ᠮᠡᠳᠡᠷᠡᠯ︾ ᠪᠤᠯᠭᠠᠨ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠴᠢᠨᠠᠷ ᠰᠠᠶᠢᠲᠠᠶ ᠬᠡᠮᠵᠢᠯᠲᠡ ᠶᠢᠨ ᠰᠠᠭᠤᠷᠢ ᠪᠠᠷ ᠶᠠᠰᠤ ᠴᠢᠨᠠᠷ ᠤᠨ ᠠᠵᠢᠯ ᠤᠨ ᠲᠤᠯᠭᠠᠭᠤᠷᠢ ᠪᠤᠯᠭᠠᠬᠤ ᠭᠡᠷᠡᠭᠲᠠᠢ ᠭᠡᠪᠡ᠃      ᠬᠡᠮᠵᠢᠯᠲᠡ ᠶᠢᠨ ᠭᠠᠵᠠᠷ᠂ ᠬᠥᠬᠡᠬᠤᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ᠂ ᠥᠪᠥᠷ ᠮᠣᠩᠭᠤᠯ ᠤᠨ ᠬᠡᠮᠵᠢᠯᠲᠡ ᠶᠢᠨ ᠬᠦᠷᠢᠶᠡᠯᠡᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ᠭᠤᠣᠯ ᠲᠠᠯᠠᠪᠠᠢ ᠶᠢᠨ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠎ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠡᠮᠵᠢᠯᠲᠡ ᠶᠢᠨ ᠰᠠᠯᠠᠭ᠎ᠠ ᠶᠢᠨ ᠪᠦᠬᠦ ᠠᠵᠢᠯᠳᠠᠨ᠂ ᠶᠠᠰᠤ ᠴᠢᠨᠠᠷ ᠤᠨ ᠬᠡᠮᠵᠢᠯᠲᠡ ᠶᠢᠨ ᠬᠠᠷᠢᠭᠤᠴᠠᠯᠭᠠᠲᠠᠨ ᠨᠠᠷ ᠬᠤᠪᠢᠶᠠᠷᠢ ᠲᠠᠯᠠᠪᠠᠢ ᠶᠢᠨ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号