ᠳᠤᠮᠳᠠᠳᠤ ᠤᠯᠤᠰ ᠤᠨ ᠮᠡᠳᠡᠭᠡ ᠵᠠᠩᠭᠢ ᠴᠢᠮᠡᠭᠡ ᠬᠤᠯᠪᠣᠭᠠᠨ ᠤ ᠰᠤᠳᠤᠯᠭᠠᠨ ᠤ ᠬᠦᠷᠢᠶᠡᠯᠡᠩ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ ᠥᠪᠥᠷ ᠮᠣᠩᠭᠤᠯ ᠤᠨ ᠡᠯᠧᠺᠲᠷᠣᠨ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠬᠢᠪᠡ
ᠨᠡᠶᠢᠲᠡᠯᠡᠭᠰᠡᠨ ᠴᠠᠭ᠄
2016/3/28
     
         3 ᠳ᠋ᠤᠭᠠᠷ ᠰᠠᠷ᠎ᠠ ᠶᠢᠨ 23᠎ ᠤ ᠡᠳᠦᠷ᠂ ᠳᠤᠮᠳᠠᠳᠤ ᠤᠯᠤᠰ ᠤᠨ ᠮᠡᠳᠡᠭᠡ ᠵᠠᠩᠭᠢ ᠴᠢᠮᠡᠭᠡ ᠬᠤᠯᠪᠣᠭᠠᠨ ᠤ ᠰᠤᠳᠤᠯᠭᠠᠨ ᠤ ᠬᠦᠷᠢᠶᠡᠯᠡᠩ ᠤᠨ ᠤᠤᠯ ᠤᠨ ᠱᠦᠵᠢ᠂ ᠬᠦᠷᠢᠶᠡᠯᠡᠩ ᠤᠨ ᠵᠥᠪᠯᠡᠭᠴᠢ ᠯᠦ ᠶᠠᠩ᠂ ᠲᠤᠬᠠᠶᠢᠯᠠᠭᠰᠠᠨ ᠠᠵᠢᠯ ᠤᠨ ᠬᠥᠭᠵᠢᠭᠦᠯᠦᠯᠲᠡ ᠶᠢᠨ ᠬᠡᠯᠲᠡᠰ ᠤᠨ ᠳᠡᠳ᠋ ᠡᠷᠬᠢᠯᠡᠭᠴᠢ ᠸᠠᠩ ᠵᠢᠶᠦ᠋ᠨ᠂ ᠬᠤᠶᠠᠷᠴᠢᠯᠠᠨ ᠠᠭᠤᠰᠤᠯᠴᠠᠬᠤ ᠰᠤᠳᠤᠯᠬᠤ ᠭᠠᠵᠠᠷ ᠤᠨ ᠳᠠᠷᠤᠭ᠎ᠠ ᠹᠧᠩ ᠰᠢᠦᠢ᠂ ᠤᠶᠤᠨᠴᠢᠯᠠᠨ ᠦᠢᠯᠡᠳᠬᠦ ᠰᠤᠳᠤᠯᠤᠯ ᠤᠨ ᠬᠡᠯᠲᠡᠰ ᠤᠨ ᠳᠡᠳ᠋ ᠡᠷᠬᠢᠯᠡᠭᠴᠢ ᠵᠤᠤ ᠶᠦᠩ ᠵᠡᠷᠭᠡ ᠬᠥᠮᠦᠰ ᠡᠯᠧᠺᠲᠷᠣᠨ ᠤ ᠬᠦᠷᠢᠶᠡᠯᠡᠩ ᠳᠤ ᠬᠦᠷᠴᠦ᠂ ᠥᠪᠥᠷ ᠮᠣᠩᠭᠤᠯ ᠤᠨ ᠮᠡᠳᠡᠭᠡ ᠵᠠᠩᠭᠢᠵᠢᠭᠤᠯᠬᠤ ᠰᠤᠳᠤᠯᠬᠤ ᠬᠦᠷᠢᠶᠡᠯᠡᠩ ᠢ ᠬᠠᠮᠲᠤᠷᠠᠨ ᠪᠠᠶᠢᠭᠤᠯᠬᠤ ᠲᠥᠷᠥᠯ ᠵᠦᠢᠯ ᠳᠤ ᠴᠢᠭᠯᠡᠭᠦᠯᠦᠨ ᠵᠥᠪᠯᠡᠨ ᠶᠠᠷᠢᠯᠴᠠᠪᠡ᠃ ᠶᠣᠰᠣᠯᠠᠯ ᠳᠤ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠬᠢᠭᠡᠳ ᠮᠡᠳᠡᠭᠡ ᠵᠠᠩᠭᠢᠵᠢᠯᠲᠠ ᠶᠢᠨ ᠵᠥᠪᠯᠡᠯ ᠤᠨ ᠳᠠᠷᠤᠭ᠎ᠠ ᠮᠧᠦ ᠵᠥᠩ ᠸᠧᠶ᠂ ᠭᠠᠵᠠᠷ ᠤᠨ ᠳᠠᠷᠤᠭ᠎ᠠ ᠵᠣᠷᠢᠭᠲᠤ ᠵᠢᠴᠢ ᠡᠯᠧᠺᠲᠷᠣᠨ ᠎ ᠤ ᠬᠦᠷᠢᠶᠡᠯᠡᠩ ᠤᠨ ᠤᠳᠤᠷᠢᠳᠬᠤ ᠪᠠᠭ ᠤᠨ ᠬᠢᠨ ᠬᠠᠮᠲᠤ ᠣᠷᠣᠯᠴᠠᠪᠠ᠃      ᠬᠤᠷᠠᠯ ᠳᠡᠭᠡᠷ᠎ᠡ᠂ ᠳᠡᠳ᠋ ᠡᠷᠬᠢᠯᠡᠭᠴᠢ ᠵᠣᠣ ᠶᠦᠩ ᠬᠤᠶᠠᠷᠴᠢᠯᠠᠨ ᠠᠭᠤᠰᠤᠯᠴᠠᠬᠤ ᠰᠤᠳᠤᠯᠬᠤ ᠭᠠᠵᠠᠷ ᠤᠨ ᠪᠦᠬᠦᠯᠢ ᠴᠣᠭᠴᠠ ᠶᠢᠨ ᠲᠦᠢᠮᠣ ᠪᠠᠶᠢᠳᠠᠯ ᠪᠠ ᠮᠡᠳᠡᠭᠡ ᠬᠤᠯᠪᠣᠭᠠᠨ ᠤ ᠬᠦᠷᠢᠶᠡᠯᠡᠩ ᠤᠨ ᠠᠩᠬ᠎ᠠ ᠠᠯᠬᠤᠮ ᠲᠣᠭᠲᠠᠭᠰᠠᠨ ᠬᠠᠮᠲᠤᠷᠠᠯᠴᠠᠬᠤ ᠪᠣᠷᠣ ᠲᠥᠯᠥᠪ ᠢ ᠲᠠᠨᠢᠯᠴᠠᠭᠤᠯᠵᠤ᠂ ᠤᠳᠤ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠥᠭᠵᠢᠯᠲᠡ ᠶᠢᠨ ᠦᠵᠡᠯᠲᠡ ᠶᠢ ᠲᠣᠪᠴᠢ ᠥᠭᠦᠯᠡᠭᠰᠡᠨ ᠪᠥᠭᠡᠳ ᠡᠨᠡ ᠤᠳᠠᠭᠠᠨ ᠤ ᠬᠠᠮᠲᠤᠷᠠᠨ ᠠᠵᠢᠯᠯᠠᠬᠤ ᠪᠦᠬᠦᠯᠢ ᠴᠣᠭᠴᠠ ᠶᠢᠨ ᠲᠥᠰᠦᠪᠯᠡᠯ᠂ ᠬᠠᠮᠲᠤᠷᠠᠯᠴᠠᠭᠠᠨ ᠤ ᠬᠠᠷᠠᠯᠲᠠ᠂ ᠠᠵᠢᠯ ᠤᠨ ᠪᠠᠶᠢᠷᠢ ᠲᠤᠭᠲᠠᠭᠠᠯᠲᠠ ᠵᠡᠷᠭᠡ ᠰᠠᠨᠠᠯ ᠢᠶᠠᠨ ᠢᠯᠡᠳᠭᠡᠭᠰᠡᠨ ᠪᠠᠶᠢᠨ᠎ᠠ᠃ ᠵᠣᠣ ᠶᠦᠩ ᠳᠡᠳ᠋ ᠡᠷᠬᠢᠯᠡᠭᠴᠢ ᠶᠢᠨ ᠦᠵᠡᠬᠦ ᠪᠠᠷ᠂ ᠡᠨᠡ ᠤᠳᠠᠭᠠᠨ ᠤ ᠬᠠᠮᠲᠤᠷᠠᠨ ᠠᠵᠢᠯᠯᠠᠬᠤ ᠶᠠᠪᠤᠳᠠᠯ ᠪᠣᠯ ᠨᠢᠭᠡ ᠤᠳᠠᠭᠠᠨ ᠤ ᠦᠢᠯᠡᠳᠪᠦᠷᠢᠯᠡᠯ ᠵᠢᠭᠠᠬᠤ ᠰᠤᠳᠤᠯᠬᠤ ᠎ ᠶᠢᠨ ᠤᠶᠠᠯᠳᠤᠯ ᠪᠣᠯᠬᠤ ᠪᠥᠭᠡᠳ ᠵᠣᠷᠢᠯᠭ᠎ᠠ ᠨᠢ ᠭᠡᠪᠡᠯ ᠵᠠᠰᠠᠭ ᠤᠨ ᠣᠷᠳᠣᠨ ᠤ ᠳᠡᠭᠡᠳᠦ ᠲᠡᠰ ᠤᠨ ᠤᠶᠤᠨ ᠤ ᠬᠥᠮᠥᠷᠭᠡ᠂ ᠠᠵᠢᠯ ᠲᠥᠷᠥᠯ ᠤᠨ ᠦᠢᠯᠡᠴᠢᠯᠡᠭᠡᠨ ᠤ ᠲᠠᠪᠴᠠᠩ ᠵᠢᠴᠢ ᠲᠤᠷᠰᠢᠯᠲᠠ ᠬᠢᠵᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠪᠣᠯᠣᠨ᠎ᠠ᠂ ᠶᠠᠰᠤ ᠴᠢᠨᠠᠷ ᠢ ᠬᠢᠨᠠᠵᠤ ᠬᠠᠮᠢᠶᠠᠷᠬᠤ ᠠᠷᠭ᠎ᠠ ᠵᠠᠮ ᠪᠠ ᠠᠷᠭ᠎ᠠ ᠪᠠᠷᠢᠯ ᠢ ᠥᠷᠭᠡᠳᠬᠡᠨ᠂ ᠡᠨᠡ ᠬᠦ ᠰᠠᠭᠤᠷᠢᠨ ᠳᠡᠭᠡᠷ᠎ᠡ ᠰᠠᠭᠤᠷᠢ ᠰᠤᠳᠤᠯᠭᠠᠨ ᠢ ᠥᠷᠨᠢᠭᠦᠯᠵᠦ᠂ ᠵᠥᠪᠯᠡᠯᠭᠡ ᠥᠭᠬᠦ ᠵᠢᠴᠢ ᠡᠵᠡᠩᠨᠡᠵᠦ ᠠᠷᠠᠴᠢᠯᠠᠨ ᠬᠠᠮᠠᠭᠠᠯᠠᠬᠤ ᠵᠡᠷᠭᠡ ᠲᠥᠷᠥᠯ ᠵᠦᠢᠯ ᠢ ᠨᠡᠭᠡᠭᠡᠨ ᠬᠥᠭᠵᠢᠭᠦᠯᠬᠦ ᠪᠠᠷ ᠬᠦᠴᠦᠯᠡᠨ ᠴᠢᠷᠮᠠᠶᠢᠨ᠎ᠠ᠃ ᠬᠤᠶᠠᠷᠴᠢᠯᠠᠨ ᠠᠭᠤᠰᠤᠯᠴᠠᠬᠤ ᠬᠠᠮᠢᠶᠠᠷᠤᠯᠲᠠ ᠶᠢᠨ ᠰᠢᠰᠲ᠋ᠧᠮ᠂ ᠢᠨᠲ᠋ᠧᠷ ᠰᠦᠯᠵᠢᠶᠡᠨ ᠤ ᠠᠵᠤ ᠦᠢᠯᠡᠳᠪᠦᠷᠢ ᠶᠢᠨ ᠨᠡᠶᠢᠯᠡᠮᠡᠯ ᠢ ᠦᠨᠡᠯᠡᠨ ᠵᠢᠱᠢᠬᠦ᠂ ᠰᠢᠰᠲ᠋ᠧᠮ ᠲᠠᠢ ᠰᠢᠢᠳᠪᠦᠷᠢᠯᠡᠬᠦ ᠲᠥᠰᠦᠯ ᠵᠢᠴᠢ ᠠᠵᠤ ᠦᠢᠯᠡᠰ ᠤᠨ ᠬᠥᠭᠵᠢᠭᠦᠯᠦᠯᠲᠡ ᠶᠢᠨ ᠳ᠋ᠠᠶᠢᠲ᠋ᠠ ᠬᠥᠮᠥᠷᠭᠡ ᠨᠢ ᠬᠤᠶᠢᠰᠢᠳᠠ ᠶᠢᠨ ᠬᠠᠮᠲᠤᠷᠠᠯᠴᠠᠭᠠᠨ ᠤ ᠭᠤᠣᠯᠳᠠᠯᠭᠠᠲᠤ ᠠᠵᠢᠯ ᠪᠣᠯᠣᠨ᠎ᠠ᠃      ᠦᠳᠡ ᠶᠢᠨ ᠬᠤᠶᠢᠨ᠎ᠠ ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠪᠦᠬᠦᠯᠢ ᠴᠣᠭᠴᠠ ᠶᠢᠨ ᠪᠠᠶᠢᠳᠠᠯ ᠪᠠ ᠬᠠᠮᠲᠤᠷᠠᠯᠴᠠᠭᠠᠨ ᠤ ᠱᠠᠭᠠᠷᠳᠠᠯᠭ᠎ᠠ ᠶᠢᠨ ᠲᠤᠬᠠᠢ ᠲᠠᠬᠢᠨ ᠨᠢᠭᠡ ᠤᠳᠠᠭ᠎ᠠ ᠶᠢᠨ ᠭᠦᠨ ᠬᠡᠯᠡᠯᠴᠡᠭᠡᠷ ᠬᠢᠵᠦ᠂ ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢᠵᠢᠯᠲᠠ ᠶᠢᠨ ᠰᠤᠳᠤᠯᠭᠠᠨ ᠤ ᠬᠦᠷᠢᠶᠡᠯᠡᠩ ᠤᠨ ᠪᠣᠯᠤᠮᠵᠢᠲᠤ ᠴᠢᠨᠠᠷ ᠵᠢᠴᠢ ᠭᠦᠢᠴᠡᠳᠬᠡᠬᠦ ᠶᠠᠪᠤᠴᠠ ᠳᠤ ᠲᠤᠯᠭᠠᠷᠠᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠶᠠᠷᠢᠯᠴᠠᠪᠠ᠃ ᠮᠧᠦ ᠵᠥᠩ ᠸᠧᠶ ᠳᠠᠷᠤᠭ᠎ᠠ ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢᠵᠢᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠪᠣᠯᠤᠨ ᠣᠳᠣᠬᠢ ᠱᠠᠲᠤᠨ ᠳᠤ ᠲᠤᠯᠭᠠᠷᠠᠵᠤ ᠪᠠᠶᠢᠭ᠎ᠠ ᠬᠠᠷᠰᠢ ᠰᠠᠭᠠᠳ ᠢ ᠳᠥᠭᠦᠮ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢᠵᠢᠯᠲᠠ ᠶᠢᠨ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠰᠢᠯᠲᠠᠭᠠᠨ ᠢ ᠵᠠᠳᠠᠯᠤᠨ ᠰᠢᠨᠵᠢᠯᠡᠪᠡ᠃ ᠮᠧᠦ ᠭᠠᠵᠠᠷ ᠤᠨ ᠳᠠᠷᠤᠭ᠎ᠠ ᠬᠡᠯᠡᠬᠦ ᠳᠡᠭᠡᠨ᠂ ᠲᠤᠰ ᠭᠠᠵᠠᠷ ᠤᠨ ᠮᠡᠳᠡᠭᠡ ᠵᠠᠩᠭᠢᠵᠢᠭᠤᠯᠬᠤ ᠠᠵᠢᠯ ᠳᠤᠲᠠᠮᠠᠭ᠂ ᠲᠤᠯᠬᠤ ᠬᠦᠴᠦᠨ ᠬᠦᠷᠦᠯᠴᠡᠬᠦ ᠦᠭᠡᠢ ᠪᠠᠶᠢᠬᠤ ᠪᠣᠯ ᠲᠤᠰ ᠭᠠᠵᠠᠷ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠴᠢᠬᠤᠯᠠ ᠬᠦᠴᠦᠨ ᠵᠦᠢᠯ ᠮᠥᠨ᠂ ᠲᠤᠰ ᠤᠳᠠᠭᠠᠨ ᠤ ᠬᠠᠮᠲᠤᠷᠠᠨ ᠠᠵᠢᠯᠯᠠᠬᠤ ᠶᠠᠪᠤᠳᠠᠯ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢᠵᠢᠯᠲᠠ ᠶᠢᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠬᠦᠴᠦᠨ ᠣᠷᠣᠭᠤᠯᠬᠤ ᠶᠢ ᠬᠦᠰᠡᠵᠦ ᠪᠠᠶᠢᠨ᠎ᠠ ᠭᠡᠪᠡ᠃      ᠲᠤᠰ ᠤᠳᠠᠭᠠᠨ ᠤ ᠶᠠᠷᠢᠯᠴᠠᠬᠤ ᠬᠤᠷᠠᠯ ᠨᠢ ᠬᠠᠮᠲᠤᠷᠠᠨ ᠠᠵᠢᠯᠯᠠᠬᠤ ᠰᠠᠨᠠᠮᠵᠢ ᠪᠠᠨ ᠦᠨᠳᠦᠰᠦᠨ ᠳᠡᠭᠡᠨ  ᠪᠡᠶᠡᠯᠡᠭᠦᠯᠪᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠮᠡᠳᠡᠭᠡ ᠵᠠᠩᠭᠢᠵᠢᠯᠲᠠ ᠶᠢᠨ ᠠᠵᠢᠯ ᠢ ᠥᠷᠨᠢᠭᠦᠯᠬᠦ ᠪᠣᠯ ᠮᠡᠳᠡᠭᠡ ᠵᠠᠩᠭᠢᠵᠢᠯᠲᠠ ᠶᠢᠨ ᠰᠤᠳᠤᠯᠭᠠᠨ ᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠮᠥᠨ᠂ ᠳᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠪᠠᠶᠢᠯᠳᠤᠬᠤ ᠪᠣᠳᠣᠯᠭ᠎ᠠ᠂ ᠬᠠᠮᠲᠤᠷᠠᠨ ᠠᠵᠢᠯᠯᠠᠬᠤ ᠰᠡᠳᠬᠢᠴᠡ᠂ ᠬᠠᠮᠲᠤᠷᠠᠨ ᠠᠵᠢᠯᠯᠠᠬᠤ ᠴᠢᠭᠯᠡᠯ ᠵᠢᠴᠢ ᠬᠠᠮᠲᠤᠷᠠᠨ ᠠᠵᠢᠯᠯᠠᠬᠤ ᠬᠡᠯᠪᠡᠷᠢ ᠶᠢ ᠲᠣᠭᠲᠠᠭᠠᠵᠤ᠂ ᠬᠠᠮᠲᠤᠷᠠᠨ ᠠᠵᠢᠯᠯᠠᠬᠤ ᠲᠠᠯ᠎ᠠ ᠶᠢᠨ ᠬᠠᠷᠢᠯᠴᠠᠨ ᠬᠠᠷᠠᠭᠠᠯᠵᠠᠯ ᠦᠵᠡᠭᠦᠯᠵᠦ ᠬᠠᠷᠢᠯᠴᠠᠨ ᠠᠰᠢᠭᠲᠠᠶ ᠪᠠᠶᠢᠬᠤ ᠵᠠᠷᠴᠢᠮ ᠢᠶᠠᠷ ᠤᠷᠳᠤ ᠬᠤᠭᠤᠴᠠᠭ᠎ᠠ ᠬᠠᠮᠲᠤᠷᠠᠨ ᠠᠵᠢᠯᠯᠠᠬᠤ ᠵᠠᠭᠪᠤᠷ ᠢ ᠪᠠᠶᠢᠭᠤᠯᠵᠤ᠂ ᠵᠠᠰᠠᠭ ᠤᠨ ᠣᠷᠳᠣᠨ ᠠᠴᠠ ᠮᠡᠳᠡᠷᠡᠭᠰᠡᠨ᠂ ᠡᠷᠬᠡ ᠬᠦᠨᠳᠦᠲᠦ ᠴᠢᠨᠠᠷ ᠪᠦᠬᠦᠢ ᠭᠠᠵᠠᠷ ᠣᠷᠣᠨ ᠤ ᠮᠡᠳᠡᠭᠡ ᠵᠠᠩᠭᠢᠵᠢᠯᠲᠠ ᠪᠣᠯᠤᠨ ᠭᠠᠵᠠᠷ ᠣᠷᠣᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢ ᠲᠤᠯᠭᠠᠭᠤᠷᠢᠯᠠᠬᠤ ᠬᠦᠴᠦᠨ ᠤ ᠮᠡᠷᠭᠡᠵᠢᠯ ᠤᠨ ᠴᠢᠨᠠᠷᠲᠠᠶ ᠮᠡᠳᠡᠭᠡ ᠵᠠᠩᠭᠢᠵᠢᠯᠲᠠ ᠶᠢᠨ ᠰᠤᠳᠤᠯᠬᠤ ᠪᠠᠶᠢᠭᠤᠯᠤᠮᠵᠢ ᠶᠢ ᠬᠦᠴᠦᠯᠡᠨ ᠴᠣᠭᠴᠠᠯᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号