| 3 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ | ᠪᠥᠬᠦ ᠣᠷᠣᠨ ᠤ ᠰᠤᠷᠭᠠᠭᠤᠯᠢᠯᠠᠯ ᠤᠨ ᠠᠵᠢᠯ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠳ᠋ᠦᠩᠨᠡᠯᠲᠡ ᠶᠢᠨ ᠬᠤᠷᠠᠯ ᠢ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠪᠠᠶᠢᠭᠤᠯᠭ᠎ᠠ ᠶᠢᠨ ᠬᠤᠶᠠᠳᠤᠭᠠᠷ ᠳᠠᠪᠬᠤᠷ ᠤᠨ ᠬᠤᠷᠠᠯ ᠤᠨ ᠭᠡᠷ ᠲᠤ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠱᠢ ᠯᠢ ᠮᠢᠩ᠂ ᠯᠢ ᡁᠢ | ᠢᠤ᠂ ᠡᠦ ᠭᠠᠩ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠣᠮᠢᠯᠠᠨ | ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠸᠠᠩ ᠸᠧᠨ ᠵᠦᠩ᠂ ᠪᠡᠶ᠎ᠡ ᠶᠢᠨ ᠲᠠᠮᠢᠷ ᠤᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠸᠠᠩ ᠬᠤᠣ ᠯᠢᠨ ᠬᠤᠷᠠᠯ ᠳᠤ ᠣᠷᠣᠯᠴᠠᠪᠠ᠃ ᠬᠤᠷᠠᠯ ᠢ | ᠳᠡᠳ᠋ ᠲᠣᠪᠴᠢᠶᠠᠨ ᠳᠠᠷᠤᠭ᠎ᠠ ᠡᠦ ᠭᠠᠩ ᠡᠷᠬᠢᠯᠡᠪᠡ᠃ | ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠱᠢ ᠯᠢ ᠮᠢᠩ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶᠠᠨ ᠤ ᠪᠦᠬᠦ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ | ᠪᠡᠶ᠎ᠡ ᠶᠢᠨ ᠲᠠᠮᠢᠷ ᠤᠨ ᠴᠤᠭᠯᠠᠭᠠᠨ ᠳᠤ ᠬᠤᠪᠢ ᠨᠡᠮᠡᠷᠢ ᠪᠠ ᠣᠨᠴᠠᠭᠠᠶ ᠬᠤᠪᠢ ᠨᠡᠮᠡᠷᠢ ᠦᠵᠡᠭᠦᠯᠦᠭᠰᠡᠨ ᠢᠷᠠᠭᠤ | ᠠᠯᠳᠠᠷᠲᠤ ᠠᠶᠢᠮᠠᠭ ᠬᠤᠳᠠ ᠶᠢ ᠬᠥᠬᠢᠭᠦᠯᠦᠨ ᠰᠠᠶᠢᠰᠢᠶᠠᠬᠤ ᠰᠢᠢᠳᠪᠦᠷᠢ ᠶᠢ ᠨᠡᠶᠢᠲᠡᠯᠡᠵᠦ᠂ ᠬᠥᠯᠥᠨ ᠪᠤᠶᠢᠷ | ᠬᠤᠳᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ | ᠤᠯᠠᠭᠠᠨᠴᠠᠪ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ | ᠲᠣᠪᠴᠢᠶ᠎ᠠ ᠵᠡᠷᠭᠡ 4 ᠨᠢᠭᠡᠴᠡ ᠳᠤ ︽ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ | ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠨᠴᠠᠭᠠᠶ ᠬᠤᠪᠢ ᠨᠡᠮᠡᠷᠢ ᠦᠵᠡᠭᠦᠯᠦᠭᠰᠡᠨ ᠱᠠᠩᠨᠠᠯ︾ ᠤᠨ | ᠴᠣᠯᠠ ᠣᠯᠭᠤᠵᠤ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠪᠡᠶ᠎ᠡ ᠶᠢᠨ | ᠲᠠᠮᠢᠷ ᠤᠨ ᠲᠣᠪᠴᠢᠶ᠎ᠠ᠂ ᠲᠦᠩᠯᠢᠶᠣᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠯᠢ ᠶᠢᠨ ᠭᠤᠣᠯ | ᠠᠶᠢᠮᠠᠭ ᠤᠨ ᠰᠣᠶᠣᠯ ᠲᠠᠮᠢᠷ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠬᠢᠩᠭᠠᠨ | ᠠᠶᠢᠮᠠᠭ ᠤᠨ ᠰᠣᠶᠣᠯ ᠪᠡᠶ᠎ᠡ ᠶᠢᠨ ᠲᠠᠮᠢᠷ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠦᠬᠠᠶ | ᠬᠤᠳᠠ ᠶᠢᠨ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ 6 ᠨᠢᠭᠡᠴᠡ ᠳᠤ ︽ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠤᠪᠢ ᠨᠡᠮᠡᠷᠢ | ᠦᠵᠡᠭᠦᠯᠦᠭᠰᠡᠨ ᠱᠠᠩᠨᠠᠯ︾ ᠤᠨ ᠴᠣᠯᠠ ᠣᠯᠭᠤᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠪᠦᠯ ᠤᠨ ᠤᠯᠠᠷᠢᠯ ᠤᠨ ᠤᠷᠤᠯᠳᠤᠭᠠᠨ ᠤ ᠵᠦᠢᠯ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷ ᠬᠠᠷᠪᠤᠬᠤ ᠫᠤᠤᠳᠠᠯᠭ᠎ᠠ ᠮᠣᠷᠢᠨ ᠮᠡᠷᠭᠡᠵᠢᠯ ᠤᠨ ᠬᠥᠳᠡᠯᠭᠡᠭᠡᠨ ᠤ | ᠬᠠᠮᠢᠶᠠᠷᠤᠯᠲᠠ ᠶᠢᠨ ᠲᠥᠪ᠂ ᠬᠥᠯᠥᠨ ᠪᠤᠶᠢᠷ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠪᠡᠶ᠎ᠡ ᠶᠢᠨ | ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷᠤᠯᠳᠤᠭᠠᠨ ᠤ ᠲᠠᠮᠢᠷ ᠤᠨ ᠰᠤᠷᠭᠠᠭᠤᠯᠢ᠂ | ᠪᠠᠶᠠᠨᠨᠠᠭᠤᠷ ᠬᠤᠲᠠ ᠶᠢᠨ ᠪᠡᠶ᠎ᠡ ᠶᠢᠨ ᠲᠠᠮᠢᠷ ᠤᠨ ᠰᠤᠷᠭᠠᠭᠤᠯᠢ ᠵᠡᠷᠭᠡ ᠲᠠᠪᠤᠨ ᠨᠢᠭᠡᠴᠡ ᠶᠢᠨ ᠲᠥᠯᠥᠭᠡᠯᠡᠭᠴᠢ ᠦᠭᠡ | ᠬᠡᠯᠡᠪᠡ᠃ | ᠡᠴᠦᠰ ᠲᠤ᠂ ᠬᠤᠷᠠᠯ ᠳᠤ ᠪᠥᠬᠦ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠠᠮᠢᠷ ᠤᠨ | ᠴᠤᠭᠯᠠᠭᠠᠨ ᠤ ᠳᠦᠷᠢᠮ ᠶᠡᠷᠦᠩᠬᠡᠶ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ | ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠦᠢᠯᠡᠰ ᠤᠨ ᠪᠠᠶᠢᠷᠢᠯᠠᠭᠤᠯᠤᠯᠲᠠ᠂ ᠡᠯ᠎ᠡ ᠠᠶᠢᠮᠠᠭ ᠬᠤᠳᠠ ᠶᠢᠨ | ᠡᠭᠦᠷᠭᠡᠯᠡᠬᠦ ᠡᠭᠦᠷᠭᠡ ᠶᠢᠨ ᠲᠤᠬᠠᠶ ᠶᠠᠷᠢᠯᠴᠠᠪᠠ᠃ | ᠡᠯ᠎ᠡ ᠠᠶᠢᠮᠠᠭ ᠬᠤᠳᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠲᠣᠪᠴᠢᠶᠠᠨ | ᠳᠡᠳ᠋ ᠳᠠᠷᠤᠭ᠎ᠠ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠰᠠᠯᠠᠭ᠎ᠠ ᠶᠢᠨ ᠳᠠᠷᠤᠭ᠎ᠠ᠂ ᠵᠠᠯᠠᠭᠤ ᠪᠠᠭᠠᠴᠤᠳ ᠤᠨ | ᠰᠠᠯᠠᠭ᠎ᠠ ᠶᠢᠨ ᠳᠠᠷᠤᠭ᠎ᠠ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠵᠠᠬᠢᠷᠤᠯ᠂ ᠲᠣᠪᠴᠢᠶ᠎ᠠ ᠶᠢᠨ ᠪᠠᠶᠢᠭᠤᠯᠭ᠎ᠠ ᠶᠢᠨ | ᠭᠠᠵᠠᠷ ᠭᠡᠷ ᠤᠨ ᠭᠤᠣᠯ ᠬᠠᠷᠢᠭᠤᠴᠠᠯᠭᠠᠲᠠᠳ᠂ ᠡᠯ᠎ᠡ ᠵᠦᠢᠯ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ | ᠤᠳᠤᠷᠢᠳᠬᠤ ᠪᠠᠭ ᠤᠨ ᠪᠦᠷᠢᠯᠳᠦᠬᠦᠨ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠰᠠᠯᠠᠭ᠎ᠠ ᠶᠢᠨ ᠳᠠᠷᠤᠭ᠎ᠠ᠂ | ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠭᠠᠵᠠᠷ᠂ ᠦᠴᠦᠸᠠᠨ ᠤ ᠰᠤᠷᠭᠠᠭᠤᠯᠢᠯᠠᠯ ᠤᠨ | ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ᠂ ᠥᠪᠥᠷ | ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷᠤᠯᠳᠤᠭᠠᠨ ᠤ | ᠰᠤᠷᠭᠠᠭᠤᠯᠢ ᠶᠢᠨ ᠵᠠᠬᠢᠷᠤᠯ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠰᠠᠯᠠᠭ᠎ᠠ ᠶᠢᠨ ᠳᠠᠷᠤᠭ᠎ᠠ ᠬᠤᠷᠠᠯ ᠳᠤ | ᠣᠷᠣᠯᠴᠠᠪᠠ᠃ |