1 — 2 ᠳ᠋ᠤᠭᠠᠷ ᠰᠠᠷ᠎ᠠ ᠳᠤ ᠪᠤᠭᠤᠲᠤ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠪᠦᠲᠦᠭᠡᠨ ᠪᠠᠶᠢᠭᠤᠯᠤᠭᠰᠠᠨ ᠪᠠᠶᠢᠳᠠᠯ 
ᠨᠡᠶᠢᠲᠡᠯᠡᠭᠰᠡᠨ ᠴᠠᠭ᠄
2016/3/28
      2 ᠳ᠋ᠤᠭᠠᠷ ᠰᠠᠷ᠎ᠠ ᠶᠢᠨ ᠰᠡᠭᠦᠯᠴᠢ ᠪᠣᠯᠬᠤ ᠳᠤ᠂ ᠪᠦᠬᠦ ᠬᠤᠲᠠ ᠶᠢᠨ 330 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ 58 ᠲᠦᠷᠦᠯ ᠵᠦᠢᠯ ᠠᠵᠢᠯ ᠢᠶᠠᠨ ᠡᠬᠢᠯᠡᠨ ᠰᠡᠷᠭᠦᠭᠡᠵᠦ᠂ ᠡᠬᠢᠯᠡᠵᠦ ᠰᠡᠷᠭᠦᠭᠡᠭᠰᠡᠨ ᠨᠣᠷᠮ᠎ᠠ ᠨᠢ 17.6% ᠪᠠᠶᠢᠵᠤ᠂ 14.85 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠢᠯ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ 1.4 %᠎ ᠶᠢ ᠡᠵᠡᠯᠡᠪᠡ᠃ ᠡᠭᠦᠨ ᠳᠤ᠄ ᠦᠷᠭᠦᠯᠵᠢᠯᠡᠨ ᠪᠠᠶᠢᠭᠤᠯᠬᠤ ᠲᠥᠷᠥᠯ ᠵᠦᠢᠯ 147᠎ ᠂ ᠠᠵᠢᠯ ᠢᠶᠠᠨ ᠰᠡᠷᠭᠦᠭᠡᠭᠰᠡᠨ ᠨᠢ 50 ᠪᠠᠶᠢᠵᠤ᠂ 13.75 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ︔ ᠰᠢᠨ᠎ᠡ ᠪᠠᠷ ᠪᠠᠶᠢᠭᠤᠯᠬᠤ ᠲᠥᠷᠥᠯ ᠵᠦᠢᠯ ᠨᠡᠶᠢᠳᠡ 183᠂ ᠠᠵᠢᠯ ᠡᠬᠢᠯᠡᠭᠦᠯᠦᠭᠰᠡᠨ ᠨᠢ 8 ᠪᠠᠶᠢᠵᠤ᠂ 1.1 ᠳ᠋ᠦᠩᠰᠢᠭᠤᠷ ᠲᠥᠭᠦᠷᠢᠭ ᠤᠨ ᠪᠡᠯᠨ ᠣᠷᠣᠭᠤᠯᠤᠯᠲᠠ ᠶᠢ ᠪᠡᠶᠡᠯᠡᠭᠦᠯᠵᠡᠢ᠃ ᠬᠥᠨᠳᠡᠯᠡᠨ ᠲᠣᠭᠤᠷᠢᠭ᠂ ᠲᠦᠮᠡᠳ ᠪᠠᠷᠠᠭᠤᠨ ᠬᠤᠰᠢᠭᠤ᠂ ᠳ᠋ᠦᠩ ᠾᠧ ᠲᠣᠭᠤᠷᠢᠭ ᠤᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠲᠤᠭ᠎ᠠ ᠪᠦᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠲᠦᠷᠦᠭᠦᠦ ᠭᠤᠷᠪᠠ ᠳᠤ ᠵᠢᠭᠰᠠᠭᠠᠭᠳᠠᠵᠤ᠂ ᠲᠤᠰ ᠲᠤᠰ 6.61 ᠳ᠋ᠦᠩᠰᠢᠭᠤᠷ ᠲᠥᠭᠦᠷᠢᠭ᠂ 4 ᠳ᠋ᠦᠩᠰᠢᠭᠤᠷ ᠲᠥᠭᠦᠷᠢᠭ᠂ 2.09 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号