ᠠᠯᠠᠱᠠ ᠠᠶᠢᠮᠠᠭ ᠪᠦᠬᠦ ᠠᠶᠢᠮᠠᠭ ᠤᠨ ᠦᠨᠳᠦᠰᠦᠲᠡᠨ ᠱᠠᠰᠢᠨ ᠰᠤᠷᠲᠠᠬᠤᠨ ᠮᠣᠩᠭᠤᠯ ᠬᠡᠯᠡ ᠪᠢᠴᠢᠭ ᠤᠨ ᠠᠵᠢᠯ ‍ᠤᠨ‌ᠬᠠᠷᠠᠭᠠᠨ ᠳᠠᠪᠲᠠᠮᠵᠢᠲᠤ ᠬᠤᠷᠠᠯ ᠬᠢᠪᠡ
ᠨᠡᠶᠢᠲᠡᠯᠡᠭᠰᠡᠨ ᠴᠠᠭ᠄
2016/3/28
     3 ᠳ᠋ᠤᠭᠠᠷ ᠰᠠᠷ᠎ᠠ ᠶᠢᠨ 24᠎ ᠤ ᠡᠳᠦᠷ᠂ ᠠᠯᠠᠱᠠ ᠠᠶᠢᠮᠠᠭ ᠦᠨᠳᠦᠰᠦᠲᠡᠨ ᠱᠠᠰᠢᠨ ᠰᠤᠷᠲᠠᠬᠤᠨ ᠮᠣᠩᠭᠤᠯ ᠬᠡᠯᠡ ᠪᠢᠴᠢᠭ ᠤᠨ ᠠᠵᠢᠯ ᠤᠨ ᠬᠠᠷᠠᠭᠠᠨ ᠳᠠᠪᠲᠠᠮᠵᠢᠲᠤ ᠬᠤᠷᠠᠯ ᠬᠤᠷᠠᠯᠳᠤᠭᠤᠯᠵᠤ᠂ ᠬᠤᠷᠠᠯ ᠨᠢ ᠣᠳᠣᠬᠠᠨ ᠤ ᠦᠨᠳᠦᠰᠦᠲᠡᠨ ᠱᠠᠰᠢᠨ ᠰᠤᠷᠲᠠᠬᠤᠨ ᠮᠣᠩᠭᠤᠯ ᠬᠡᠯᠡ ᠪᠢᠴᠢᠭ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠢ ᠵᠠᠳᠠᠯᠵᠤ᠂ 2016 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠶᠡᠨ ᠫᠧᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠰᠡᠴᠡᠨᠬᠦᠦ ᠠᠵᠢᠯ ᠤᠨ ᠢᠯᠡᠳᠬᠡᠯ ᠬᠢᠵᠦ᠂ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠯᠢ ᠸᠧᠨ ᠪᠢᠩ ᠬᠤᠷᠠᠯ ᠡᠷᠭᠢᠯᠡᠪᠡ᠃      ᠶᠠᠨ ᠫᠧᠩ ᠴᠢᠬᠤᠯᠠᠴᠢᠯᠠᠭᠰᠠᠨ ᠨᠢ᠂ ᠰᠢᠨ᠎ᠡ ᠪᠠᠶᠢᠳᠠᠯ ᠳᠤᠤᠷ᠎ᠠ ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠭᠤᠷᠪᠠᠨ ᠱᠠᠲᠤᠨ ᠤ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠤᠢᠭᠡᠢ ᠪᠠᠷ ᠰᠠᠶᠢᠲᠤᠷ ᠠᠳᠬᠤᠨ᠂ ᠦᠨᠳᠦᠰᠦᠲᠡᠨ ᠤ ᠠᠵᠢᠯ ᠢ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢ ᠰᠢᠪᠲᠤᠯᠤᠯᠲᠠ ᠶᠢᠨ ᠴᠢᠨᠠᠷᠲᠠᠶ ᠠᠬᠢᠭᠤᠯᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠭᠤᠣᠯᠳᠠᠯᠭ᠎ᠠ ᠶᠢ ᠲᠤᠪᠤᠶᠢᠯᠭᠠᠵᠤ᠂ ᠰᠢᠨ᠎ᠡ ᠪᠠᠶᠢᠳᠠᠯ ᠳᠤᠤᠷ᠎ᠠ ᠦᠨᠳᠦᠰᠦᠲᠡᠨ ᠱᠠᠰᠢᠨ ᠰᠤᠷᠲᠠᠬᠤᠨ ᠮᠣᠩᠭᠤᠯ ᠬᠡᠯᠡ ᠪᠢᠴᠢᠭ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ ᠤᠶᠠᠯᠳᠤᠯ ᠢ ᠠᠬᠢᠭᠤᠯᠵᠤ᠂ ᠱᠠᠰᠢᠨ ᠰᠤᠷᠲᠠᠬᠤᠨ ᠤ ᠬᠦᠷᠢᠶᠡᠨ ᠳᠠᠬᠢ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠵᠤ᠂ ᠮᠣᠩᠭᠤᠯ ᠬᠡᠯᠡ ᠪᠢᠴᠢᠭ ᠢ ᠳᠦᠷᠢᠮᠵᠢᠭᠦᠯᠬᠦ᠂ ᠮᠡᠳᠡᠭᠡ ᠵᠠᠩᠭᠢᠵᠢᠭᠤᠯᠬᠤ᠂ ᠪᠠᠷᠢᠮᠵᠢᠶᠠᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠦᠨᠳᠦᠰᠦᠲᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠰᠠᠶᠢᠲᠤᠷ ᠠᠳᠬᠤᠵᠤ᠂ ᠦᠨᠳᠦᠰᠦᠲᠡᠨ ᠤ ᠠᠵᠢᠯ ᠤᠨ ᠪᠠᠶᠢᠭᠤᠯᠤᠯ ᠤᠨ ᠲᠣᠭᠲᠠᠴᠠ ᠶᠢ ᠪᠦᠷᠢᠨᠰᠢᠭᠦᠯᠵᠦ᠂ ᠦᠨᠳᠦᠰᠦᠲᠡᠨ ᠱᠠᠰᠢᠨ ᠰᠤᠷᠲᠠᠬᠤᠨ ᠮᠣᠩᠭᠤᠯ ᠬᠡᠯᠡ ᠪᠢᠴᠢᠭ ᠤᠨ ᠠᠵᠢᠯ ᠨᠢ ᠰᠢᠨ᠎ᠡ ᠬᠡᠪ ᠪᠠᠶᠢᠳᠠᠯ ᠤᠨ ᠳᠣᠣᠷ᠎ᠠ ᠰᠢᠨ᠎ᠡ ᠠᠵᠢᠯᠯᠠᠭ᠎ᠠ ᠲᠠᠢ ᠪᠠᠶᠢᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ 2016 ᠣᠨ ᠳᠤ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠨᠠᠶᠢᠳᠠᠪᠤᠷᠢᠵᠢᠭᠤᠯᠵᠤ᠂ ᠦᠨᠳᠦᠰᠦᠲᠡᠨ ᠱᠠᠰᠢᠨ ᠰᠤᠷᠲᠠᠬᠤᠨ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠶ ᠳᠡᠭᠡᠭᠰᠢᠯᠡᠭᠦᠯᠬᠦ ᠬᠡᠷᠡᠭᠲᠡᠶ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠡᠭᠦᠳᠦᠨ ᠪᠠᠶᠢᠭᠤᠯᠬᠤ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ︔ ᠬᠤᠳᠠ ᠶᠢᠨ ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠳᠠ ᠶᠢᠨ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠦᠢᠯᠡᠴᠢᠯᠡᠭᠡ ᠪᠠ ᠬᠠᠮᠢᠶᠠᠷᠤᠯᠲᠠ ᠶᠢ ᠬᠦᠴᠦ ᠲᠠᠯᠪᠢᠨ ᠰᠠᠶᠢᠲᠤᠷ ᠬᠢᠬᠦ ᠬᠡᠷᠡᠭᠲᠡᠶ︔ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠦᠷᠦᠯ ᠵᠦᠢᠯ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠪᠡᠯᠡ ᠮᠥᠩᠭᠦ ᠶᠢᠨ ᠲᠥᠷᠥᠯ ᠵᠦᠢᠯ ᠎ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠰᠠᠶᠢᠲᠤᠷ ᠠᠳᠬᠤᠵᠤ᠂ ᠦᠨᠳᠦᠰᠦᠲᠡᠨ ᠤ ᠠᠵᠤ ᠠᠬᠤᠶ ᠲᠣᠭᠲᠠᠭᠤᠨ ᠢᠶᠠᠷ ᠬᠦᠭᠵᠢᠭᠦ ᠶᠢ ᠲᠦᠯᠬᠢᠨ ᠠᠬᠢᠭᠤᠯᠬᠤ ᠬᠡᠷᠡᠭᠲᠡᠢ︔ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠱᠠᠰᠢᠨ ᠰᠤᠷᠲᠠᠬᠤᠨ ᠤ ᠬᠦᠷᠢᠶᠡᠨ ᠳᠠᠬᠢ ᠪᠦᠯᠬᠦᠮᠳᠡᠯ ᠲᠠᠢ ᠲᠣᠭᠲᠠᠭᠤᠨ ᠪᠠᠶᠢᠬᠤ ᠶᠢ ᠬᠠᠮᠠᠭᠠᠯᠠᠬᠤ ᠬᠡᠷᠡᠭᠲᠡᠢ︔ ᠮᠣᠩᠭᠤᠯ ᠬᠡᠯᠡ ᠪᠢᠴᠢᠭ ᠤᠨ ᠳᠦᠷᠢᠮᠵᠢᠭᠦᠯᠦᠯᠲᠡ᠂ ᠮᠡᠳᠡᠭᠡ ᠵᠠᠩᠭᠢᠵᠢᠯᠲᠠ᠂ ᠪᠠᠷᠢᠮᠵᠢᠶᠠᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠮᠣᠩᠭᠤᠯ ᠬᠡᠯᠡ ᠪᠢᠴᠢᠭ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号