ᠥᠪᠥᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠨᠢᠭᠡᠳᠦᠭᠡᠷ ᠬᠤᠷᠠᠯ ᠡᠬᠢᠯᠡᠪᠡ ᠸᠠᠩ ᠵᠢᠶᠦ᠋ᠨ ᠬᠤᠷᠠᠯ ᠡᠷᠬᠢᠯᠡᠵᠠᠢ
ᠨᠡᠶᠢᠲᠡᠯᠡᠭᠰᠡᠨ ᠴᠠᠭ᠄
2016/3/29
     ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠨᠢᠭᠡᠳᠦᠭᠡᠷ ᠬᠤᠷᠠᠯ 3 ᠳ᠋ᠤᠭᠠᠷ ᠰᠠᠷ᠎ᠠ ᠶᠢᠨ 28᠎ ᠤ ᠡᠳᠦᠷ ᠤᠨ ᠦᠳᠡ ᠶᠢᠨ ᠡᠮᠦᠨ᠎ᠠ ᠬᠦᠬᠡᠬᠤᠳᠠ  ᠡᠬᠢᠯᠡᠪᠡ᠃ ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠮᠦᠨ ᠠᠮᠠ ᠪᠠ ᠲᠥᠯᠥᠪᠯᠡᠭᠡᠲᠦ ᠦᠷᠡᠵᠢᠯ ᠤᠨ ᠲᠦᠷᠢᠮ ᠳᠤ ᠵᠠᠰᠠᠪᠤᠷᠢ ᠤᠷᠤᠭᠤᠯᠤᠬᠰᠠᠨ ᠨᠤᠤᠷᠠᠬ ︵ᠲᠦᠰᠦᠯ︶︾ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠤᠨ ᠨᠤᠳᠤᠭ ᠪᠡᠯᠴᠢᠭᠡᠷ ᠢ ᠬᠠᠮᠠᠭᠠᠯᠠᠬᠤ ᠲᠦᠷᠢᠮ ᠳᠤ ᠵᠠᠰᠠᠪᠤᠷᠢ ᠤᠷᠤᠭᠤᠯᠤᠬᠰᠠᠨ ᠨᠤᠤᠷᠠᠬ ︵ᠲᠦᠰᠦᠯ︶︾ ᠵᠡᠷᠭᠡ ᠶᠢ ᠬᠢᠨᠠᠨ ᠵᠦᠪᠯᠡᠬᠦ ᠪᠣᠯᠣᠨ᠎ᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠦ᠋ᠨ ᠨᠢᠭᠡᠲᠦᠭᠡᠷ ᠣᠳᠠᠭ᠎ᠠ ᠶᠢᠨ ᠪᠦᠬᠦᠳᠡ ᠬᠤᠷᠠᠯ ᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠬᠤᠷᠴᠡ᠂ ᠬᠠᠨᠭ᠌ ᠭᠦᠢ ᠯᠢᠨ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠨᠠᠷᠢᠨ ᠪᠢᠴᠢᠭ ᠤᠨ ᠲᠠᠷᠤᠭ᠎ᠠ ᠰᠦᠨ ᠬᠤᠢ ᠮᠢᠨ ᠪᠠ ᠪᠠᠶᠢᠡᠭᠭᠤ ᠶᠢᠨ ᠬᠤᠷᠢᠶ᠎ᠠ ᠶᠢᠨ ᠭᠡᠰᠢᠭᠦᠳ ᠬᠤᠷᠠᠯ ᠳᠤ ᠤᠷᠤᠯᠴᠠᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠹᠦ᠋ ᠲᠠᠢ ᠽᠸᠡᠭ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ ᠬᠤ᠋ ᠢ ᠹᠸᠡᠭ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ ᠶᠦᠡᠭ ᠱᠸᠡᠭ ᠬᠤᠷᠠᠯ ᠳᠤ ᠰᠤᠯᠠ ᠤᠷᠤᠯᠴᠠᠵᠠᠢ᠃      ᠡᠨᠡ ᠣᠳᠠᠭ᠎ᠠ ᠶᠢᠨ ᠬᠤᠷᠠᠯ ᠤᠨ ᠵᠦᠪᠯᠡᠭᠦ ᠵᠦᠢᠯ ᠢ ᠪᠠᠳᠤᠯᠠᠬᠰᠠᠨ ᠤ ᠲᠠᠷᠠᠭ᠎ᠠ᠂ ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠹᠦ᠋ ᠲᠠᠢ ᠽᠸᠡᠭ ᠤᠨ ᠬᠢᠭᠰᠡᠨ ᠲᠤᠰᠢᠶᠡᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠪᠠᠷ ᠲᠡᠪᠰᠢᠭᠦᠯᠭᠦ ᠬᠦᠮᠦᠰ ᠤᠨ ᠪᠠᠶᠢᠳᠠᠯ ᠤᠨ ᠳᠣᠬᠠᠢ ᠲᠤᠳᠤᠷᠬᠠᠢᠢᠯᠠᠯᠳᠠ ᠪᠠ ᠦᠪᠡᠷᠳᠡᠭᠡᠨ ᠵᠠᠰᠠᠬᠤ ᠤᠷᠤᠨ ᠤ ᠠᠷᠠᠳ ᠎ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ ᠶᠦᠡᠭ ᠱᠸᠡᠭ ᠤᠨ ᠬᠢᠭᠰᠡᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠪᠠᠷ ᠲᠡᠪᠰᠢᠭᠦᠯᠭᠦ ᠬᠦᠮᠦᠰ ᠤᠨ ᠪᠠᠶᠢᠳᠠᠯ ᠤᠨ ᠳᠣᠬᠠᠢ ᠲᠤᠳᠤᠷᠬᠠᠢᠢᠯᠠᠯᠳᠠ ᠶᠢ ᠰᠤᠨᠤᠰᠪᠠ᠃      ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠪᠠ ᠲᠦᠯᠦᠪᠯᠡᠭᠡᠳᠤ ᠦᠷᠡᠵᠢᠯ ᠤᠨ ᠵᠦᠪᠯᠡᠯ ᠤᠨ ᠡᠷᠬᠢᠯᠡᠭᠴᠢ ᠡᠸᠤ ᠶᠠᠩ ᠰᠢᠶᠤᠤ ᠬᠤᠢ ᠶᠢᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠮᠦᠨ ᠠᠮᠠ ᠪᠠ ᠲᠦᠯᠦᠪᠯᠡᠭᠡᠳᠤ ᠦᠷᠡᠵᠢᠯ ᠤᠨ ᠲᠦᠷᠢᠮ ᠳᠤ ᠵᠠᠰᠠᠪᠤᠷᠢ ᠤᠷᠤᠭᠤᠯᠤᠬᠰᠠᠨ ᠨᠤᠤᠷᠠᠭ ︵ᠲᠦᠰᠦᠯ︶︾᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠴᠠᠢ᠃ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠦᠮᠦᠨ ᠠᠮᠠ ᠪᠠ ᠲᠦᠯᠦᠪᠯᠡᠭᠡᠳᠤ ᠦᠷᠡᠵᠢᠯ ᠤᠨ ᠲᠦᠷᠢᠮ ᠳᠤ ᠵᠠᠰᠠᠪᠤᠷᠢ ᠤᠷᠤᠭᠤᠯᠤᠬᠰᠠᠨ ᠨᠤᠤᠷᠠᠬ ︵ᠲᠦᠰᠦᠯ︶︾᠎ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ 66 ᠳ᠋ᠤᠭᠠᠷ ᠤᠳᠠᠭ᠎ᠠ ᠶᠢᠨ ᠪᠠᠶᠢᠡᠭᠭᠤ ᠶᠢᠨ ᠬᠤᠷᠠᠯ ᠠᠴᠠ ᠨᠢᠭᠡᠨᠳᠡ ᠬᠢᠨᠠᠨ ᠵᠦᠪᠯᠡᠨ ᠪᠠᠳᠤᠯᠠᠵᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠳᠤ ᠬᠢᠨᠠᠨ ᠵᠦᠪᠯᠡᠭᠦᠯᠬᠦ ᠪᠠᠷ ᠳᠡᠪᠰᠢᠭᠦᠯᠪᠡ᠃ ᠡᠨᠡ ᠣᠳᠠᠭ᠎ᠠ ᠳᠦᠷᠢᠮ ᠳᠤ ᠵᠠᠰᠠᠪᠤᠷᠢ ᠣᠷᠣᠭᠤᠯᠵᠣ ᠪᠠᠶᠢᠭ᠎ᠠ ᠨᠢ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠦ᠂ ᠮᠠᠨ ᠤ ᠤᠷᠤᠨ ᠤ ᠬᠦᠮᠦᠨ ᠠᠮᠠ ᠶᠢᠨ ᠪᠦᠲᠦᠴᠡ ᠶᠢ ᠰᠢᠯᠢᠳᠡᠭᠵᠢᠭᠦᠯᠵᠦ᠂ ᠬᠦᠳᠡᠯᠮᠦᠷᠢ ᠬᠦᠴᠦᠨ ᠤ ᠬᠠᠨᠭ᠍ᠭᠠᠯᠭ᠎ᠠ ᠶᠢ ᠨᠡᠮᠡᠭᠳᠡᠭᠦᠯᠵᠦ᠂ ᠬᠦᠮᠦᠨ ᠠᠮᠠ ᠶᠢᠨ ᠨᠠᠰᠤᠵᠢᠯ ᠤᠨ ᠲᠠᠷᠤᠭᠠᠰᠤ ᠶᠢ ᠬᠦᠡᠭᠭᠡᠷᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ᠃      ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠲᠦᠷᠢᠮ ᠳᠤ ᠵᠠᠰᠠᠪᠤᠷᠢ ᠤᠷᠤᠭᠤᠯᠤᠬᠰᠠᠨ ᠨᠤᠤᠷᠠᠭ ︵ᠲᠦᠰᠦᠯ︶︾᠎ ᠢ ᠦᠪᠡᠷᠳᠡᠭᠡᠨ ᠵᠠᠰᠠᠬᠤ ᠤᠷᠤᠨ ᠤ ᠠᠷᠠᠳ ᠎ ᠤᠨ ᠵᠠᠰᠠᠭ ᠤᠨ ᠤᠷᠳᠤᠨ ᠤ 66 ᠳ᠋ᠤᠭᠠᠷ ᠤᠳᠠᠭ᠎ᠠ ᠶᠢᠨ ᠪᠠᠶᠢᠡᠭᠭᠤ ᠶᠢᠨ ᠬᠤᠷᠠᠯ ᠠᠴᠠ ᠨᠢᠭᠡᠨᠳᠡ ᠶᠠᠷᠢᠯᠴᠠᠨ ᠪᠠᠳᠤᠯᠠᠵᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠳᠤ ᠬᠢᠨᠡᠨ ᠵᠦᠪᠯᠡᠬᠦᠯᠬᠦ ᠪᠠᠷ ᠲᠡᠪᠰᠢᠭᠦᠯᠪᠡ᠃ ᠦᠪᠡᠷᠳᠡᠭᠡᠨ ᠵᠠᠰᠠᠬᠤ ᠤᠷᠤᠨ ᠤ ᠮᠠᠯ ᠠᠵᠦ ᠠᠬᠤᠢ ᠲᠠᠷᠢᠶᠠᠯᠠᠩ ᠤᠨ ᠲᠢᠩᠭᠢᠮ ᠤᠨ ᠲᠠᠷᠤᠭ᠎ᠠ ᠭᠦᠸᠧ ᠵᠢᠶᠠᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠨᠠᠶᠢᠳᠠᠯᠭ᠎ᠠ ᠪᠠᠷ ᠲᠤᠳᠤᠷᠬᠠᠢᠢᠯᠠᠯᠳᠠ ᠬᠢᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠳᠤᠭᠠᠳᠤ ᠶᠠᠪᠤᠳᠠᠯ ᠬᠠᠤᠯᠢ ᠴᠠᠭᠠᠵᠠ ᠶᠢᠨ ᠠᠵᠢᠯ ᠤᠨ ᠵᠦᠪᠯᠡᠯ ᠤᠨ ᠡᠷᠬᠢᠯᠡᠭᠴᠢ ᠲᠢᠶᠠᠨ ᠵᠢᠢ ᠱᠸᠡᠭ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠮᠡᠭᠳᠡᠶᠢᠴᠤᠳ ᠬᠡᠤᠭᠡᠳ ᠢ ᠬᠠᠮᠠᠭᠠᠯᠠᠬᠤ ᠲᠦᠷᠢᠮ︾᠎ ᠢ ᠬᠦᠴᠦᠨ ᠦᠭᠡᠢ ᠪᠤᠯᠭᠠᠬᠤ ᠲᠤᠬᠠᠢ ᠲᠤᠳᠤᠷᠬᠠᠢᠢᠯᠠᠯᠳᠠ ᠬᠢᠪᠠ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠣᠷᠢᠳ ᠬᠤᠵᠢᠳ ᠴᠦᠬᠡᠨ ᠪᠣᠰᠣ ᠬᠠᠤᠯᠢ ᠳᠣᠭᠳᠠᠭᠠᠯ ᠲᠤᠬᠳᠠᠭᠠᠵᠦ᠂ ᠡᠳᠡᠭᠡᠷ ᠬᠠᠤᠯᠢ ᠳᠣᠭᠳᠠᠭᠠᠯ ᠳᠤ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠮᠡᠭᠳᠡᠶᠢᠴᠤᠳ ᠭᠡᠤᠭᠡᠳ ᠢ ᠬᠠᠮᠠᠭᠠᠯᠠᠬᠤ ᠲᠦᠷᠢᠮ︾᠎ ᠳᠤ ᠲᠤᠬᠳᠠᠭᠠᠬᠰᠠᠨ ᠠᠭᠤᠯᠭ᠎ᠠ ᠶᠢ ᠬᠠᠮᠤᠷᠴᠠᠢ᠂ ᠬᠠᠤᠯᠢ ᠲᠤᠬᠳᠠᠭᠠᠬᠤ ᠬᠠᠤᠯᠢ ᠪᠠ ᠬᠠᠤᠯᠢ ᠲᠤᠬᠳᠠᠭᠠᠬᠤ ᠲᠦᠷᠢᠮ ᠳᠠᠬᠢ ᠬᠠᠮᠢᠶ᠎ᠠ ᠪᠦᠬᠦᠢ ᠲᠤᠬᠳᠠᠭᠠᠯ ᠎ ᠢ ᠦᠨᠳᠦᠰᠦᠯᠡᠵᠦ᠂ ᠬᠠᠤᠯᠢ ᠳᠦᠷᠢᠮ ᠢ ᠨᠢᠭᠡᠳᠦᠯᠳᠡᠢ ᠪᠠᠶᠢᠯᠭᠠᠬᠤ ᠪᠠ ᠲᠤᠬᠳᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠤᠯᠭᠠᠬᠤ ᠲᠠᠶᠢᠯᠪᠤᠷᠢᠯᠠᠬᠤ ᠶᠢ ᠵᠡᠷᠭᠡᠪᠡᠷ ᠠᠳᠬᠤᠬᠤ ᠵᠠᠷᠴᠢᠮ ᠢ ᠪᠠᠷᠢᠮᠳᠠᠯᠠᠵᠦ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠮᠡᠭᠳᠡᠶᠢᠴᠤᠳ ᠬᠡᠤᠭᠡᠳ ᠢ ᠬᠠᠮᠠᠭᠠᠯᠠᠬᠤ ᠲᠦᠷᠢᠮ︾᠎ ᠢ ᠬᠦᠴᠦᠨ ᠦᠭᠡᠢ ᠪᠤᠯᠭᠠᠬᠤ ᠪᠠᠷ ᠰᠠᠨᠠᠭᠤᠯᠪᠠ᠃      ︽ᠬᠡᠰᠡᠭ ᠤᠷᠤᠨ ᠨᠤᠳᠤᠭ ᠤᠨ ᠴᠢᠨᠠᠷᠳᠠᠢ ᠬᠠᠤᠯᠢ ᠳᠣᠭᠳᠠᠭᠠᠯ ᠳᠤ ᠵᠠᠰᠠᠪᠤᠷᠢ ᠤᠷᠤᠭᠤᠯᠬᠤ ᠲᠤᠬᠠᠢ ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠳᠣᠭᠳᠠᠭᠠᠯ︾᠎ ᠢ ᠬᠦᠬᠡᠬᠤᠳᠠ ᠶᠢᠨ ᠠᠷᠪᠠᠨ ᠲᠦᠷᠪᠡᠳᠤᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠎ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠵᠢᠷᠭᠤᠳᠤᠭᠠᠷ ᠬᠤᠷᠠᠯ ᠠᠴᠠ ᠨᠢᠭᠡᠨᠳᠡ ᠬᠢᠨᠠᠨ ᠵᠦᠪᠯᠡᠵᠦ ᠪᠠᠳᠤᠯᠠᠬᠠᠰᠨ ᠪᠦᠭᠡᠳ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠳᠤ ᠬᠢᠨᠠᠨ ᠪᠠᠶᠢᠴᠠᠭᠠᠯᠭᠠᠵᠣ ᠵᠦᠪᠰᠢᠶᠡᠷᠡᠭᠦᠯᠭᠦ ᠪᠠᠷ ᠲᠡᠪᠰᠢᠭᠦᠯᠪᠡ᠃ ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠭᠦᠡᠭ ᠾᠧ ᠡᠨᠡ ᠳᠣᠬᠠᠢ ᠲᠤᠳᠤᠷᠬᠠᠢᠢᠯᠠᠯᠳᠠ ᠬᠢᠵᠠᠢ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠨᠠᠶᠢᠳᠠᠯᠭ᠎ᠠ ᠪᠠᠷ ᠦᠪᠡᠷᠳᠡᠭᠡᠨ ᠵᠠᠰᠠᠬᠤ ᠤᠷᠤᠨ ᠤ ᠬᠢᠨᠠᠨ ᠪᠤᠳᠤᠬᠤ ᠲᠢᠩᠭᠢᠮ ᠤᠨ ᠲᠠᠷᠤᠭ᠎ᠠ ᠸᠠᠩ ᠶᠤᠸᠠᠢ ᠱᠸᠡᠭ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠢ ᠭᠦᠢᠴᠡᠳᠭᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢ 2015 ᠣᠨ ᠳᠤ ᠬᠢᠨᠠᠨ ᠪᠤᠳᠤᠵᠦ ᠪᠠᠶᠢᠴᠠᠭᠠᠨ ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠤᠨ ᠲᠤᠬᠠᠢ ᠮᠡᠳᠡᠭᠦᠯᠦᠯᠳᠡ ᠬᠢᠵᠦ᠂ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠢ ᠭᠦᠢᠴᠡᠳᠭᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠬ ᠤᠨ ᠤᠷᠤᠯᠭ᠎ᠠ ᠵᠠᠷᠤᠯᠭ᠎ᠠ ᠶᠢ 2015 ᠣᠨ ᠳᠤ ᠬᠢᠨᠠᠨ ᠪᠤᠳᠤᠵᠦ ᠪᠠᠶᠢᠴᠠᠭᠠᠨ ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠢ ᠪᠦᠬᠦ ᠲᠠᠯ᠎ᠠ ᠪᠠᠷ ᠳᠦᠢᠩᠨᠡᠭᠰᠡᠨ ᠪᠦᠭᠡᠳ ᠬᠢᠨᠠᠨ ᠪᠤᠳᠤᠵᠣ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠰᠠᠨᠠᠯ ᠲᠤᠷᠠᠳᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠨᠠᠶᠢᠳᠠᠯᠭ᠎ᠠ ᠪᠠᠷ ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠲᠢᠩᠭᠢᠮ ᠤᠨ ᠲᠠᠷᠤᠭ᠎ᠠ ᠴᠢᠨ ᠢ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠳᠠ ᠪᠠᠯᠭᠠᠰᠤᠨ ᠤ ᠰᠢᠰᠲ᠋ᠧᠮ ᠤᠨ ᠲᠦᠯᠦᠪᠵᠢᠭᠦᠯᠭᠡ ︵2015 — 2030  ᠣᠨ︶ ︵ᠮᠡᠳᠡᠭᠦᠯᠦᠨ ᠬᠢᠨᠠᠨ ᠵᠦᠪᠯᠡᠭᠦᠯᠬᠦ ᠨᠤᠤᠷᠠᠭ︶︾᠎ ᠶᠢᠨ ᠳᠣᠬᠠᠢ ᠲᠤᠳᠤᠷᠬᠠᠢᠢᠯᠠᠯᠳᠠ ᠬᠢᠪᠠ᠃ ᠪᠦᠷᠢᠯᠳᠦᠭᠦᠨ ᠨᠠᠷ ᠤᠨ ᠬᠢᠨᠠᠨ ᠵᠦᠪᠯᠡᠭᠰᠡᠨ ᠰᠠᠨᠠᠯ ᠢ ᠦᠨᠳᠦᠰᠦᠯᠡᠵᠦ᠂ ︽ᠲᠦᠯᠦᠪᠵᠢᠭᠦᠯᠭᠡ ︵ᠮᠡᠳᠡᠭᠦᠯᠦᠨ ᠬᠢᠨᠠᠨ ᠵᠦᠪᠯᠡᠭᠦᠯᠬᠦ ᠨᠤᠤᠷᠠᠬ︶︾᠎ ᠲᠤ ᠴᠢᠨᠠᠭᠰᠢᠳᠠ ᠵᠠᠰᠠᠪᠤᠷᠢ ᠤᠷᠤᠭᠤᠯᠵᠦ ᠲᠡᠭᠦᠯᠳᠡᠷᠵᠢᠭᠦᠯᠦᠭᠰᠡᠨ ᠤ ᠲᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠵᠦᠪᠰᠢᠶᠡᠷᠡᠭᠦᠯᠭᠦ ᠪᠤᠯᠤᠨ᠎ᠠ᠃      ᠦᠪᠡᠷᠳᠡᠭᠡᠨ ᠵᠠᠰᠠᠬᠤ ᠤᠷᠤᠨ ᠤ ᠵᠤᠭᠠᠴᠠᠯ ᠤᠨ ᠲᠤᠪᠴᠢᠶ᠎ᠠ ᠶᠢᠨ ᠲᠠᠷᠤᠭ᠎ᠠ ᠸᠧᠢ ᠭᠦᠸᠧ ᠨᠠᠨ 2015 ᠣᠨ ᠤ ᠪᠦᠬᠦ ᠤᠷᠤᠨ ᠤ ᠵᠤᠭᠠᠴᠠᠯ ᠤᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠳᠡ ᠬᠢᠪᠠ᠃ ᠮᠡᠳᠡᠭᠦᠯᠦᠯᠳᠡ ᠳᠤ 2015 ᠣᠨ ᠤ ᠪᠦᠬᠦ ᠤᠷᠤᠨ ᠤ ᠵᠤᠭᠠᠴᠠᠯ ᠤᠨ ᠦᠢᠯᠡᠰ ᠤᠨ ᠬᠦᠭᠵᠢᠯᠳᠠ ᠶᠢᠨ ᠤᠯᠤᠬᠰᠠᠨ ᠠᠮᠵᠢᠯᠳᠠ ᠪᠦᠲᠦᠮᠵᠢ ᠶᠢ ᠪᠦᠬᠦ ᠲᠠᠯ᠎ᠠ ᠪᠠᠷ ᠳᠦᠢᠩᠨᠡᠵᠦ᠂ ᠤᠳᠤᠬᠠᠨ ᠤ ᠵᠤᠭᠠᠴᠠᠯ ᠤᠨ ᠦᠢᠯᠡᠰ ᠤᠨ ᠭᠦᠭᠵᠢᠯᠳᠠ ᠶᠢᠨ ᠪᠠᠶᠢᠳᠠᠯ ᠪᠠ ᠲᠤᠯᠭᠠᠷᠠᠵᠦ ᠪᠠᠶᠢᠭ᠎ᠠ ᠭᠤᠤᠯ ᠠᠰᠠᠭᠤᠳᠠᠯ ᠢ ᠲᠤᠳᠤᠷᠬᠠᠢ ᠵᠢᠭᠠᠨ ᠭᠠᠷᠭᠠᠵᠦ᠂ ᠲᠠᠷᠠᠭᠠᠴᠢ ᠶᠢᠨ ᠭᠤᠤᠯᠳᠠᠯᠭ᠎ᠠ ᠲᠠᠢ ᠠᠵᠢᠯ ᠢᠶᠠᠨ ᠪᠠᠶᠢᠷᠢᠯᠠᠭᠤᠯᠵᠠᠢ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠵᠢᠯᠳᠠᠨ ᠤ ᠶᠠᠪᠤᠳᠠᠯ ᠲᠦᠯᠦᠭᠡᠯᠡᠭᠴᠢ ᠰᠤᠩᠭᠤᠭᠤᠯᠢ ᠶᠢᠨ ᠠᠵᠢᠯ ᠤᠨ ᠵᠦᠪᠯᠡᠯ ᠤᠨ ᠡᠷᠭᠢᠯᠡᠭᠴᠢ ᠭᠠᠨᠭ᠍ᠳᠡᠮᠤᠷ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠦᠯᠦᠭᠡᠯᠡᠭᠴᠢ ᠶᠢᠨ ᠭᠢᠷᠢ ᠬᠡᠮ ᠢ ᠬᠢᠨᠠᠨ ᠪᠠᠶᠢᠴᠠᠭᠠᠬᠤ ᠵᠦᠪᠯᠡᠯ ᠤᠨ ᠬᠡᠰᠡᠭ ᠪᠦᠷᠢᠯᠳᠦᠭᠦᠨ ᠢᠢᠡᠷ ᠨᠦᠭᠦᠪᠦᠷᠢᠯᠡᠭᠦ ᠨᠡᠷᠡᠰ ︵ᠲᠦᠰᠦᠯ︶︾᠎ ᠤᠨ ᠳᠣᠬᠠᠢ ᠲᠤᠳᠤᠷᠬᠠᠢᠢᠯᠠᠯᠳᠠ ᠪᠠ ︽ᠪᠦᠬᠦ ᠤᠷᠤᠨ ᠤ ᠰᠤᠮᠤ ᠰᠢᠶᠠᠩ ᠪᠠᠯᠭᠠᠰᠤᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠴᠠᠭ ᠲᠤ ᠳᠣᠬᠢᠷᠠᠭᠤᠯᠣᠯᠳᠠ ᠬᠢᠬᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠳᠣᠭᠳᠠᠭᠠᠯ ︵ᠲᠦᠰᠦᠯ︶︾᠎ ᠤᠨ ᠳᠣᠬᠠᠢ ᠲᠤᠳᠤᠷᠬᠠᠢᠢᠯᠠᠯᠳᠠ ᠬᠢᠪᠠ᠃      ᠡᠨᠡ ᠣᠳᠠᠭ᠎ᠠ ᠶᠢᠨ ᠬᠤᠷᠠᠯ ᠠᠴᠠ ᠪᠠᠰᠠ ᠲᠤᠭᠤᠢᠢᠯᠠᠩ ᠬᠠᠮᠳᠤᠷᠠᠬᠰᠠᠨ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠢ ᠬᠦᠢᠴᠡᠳᠭᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠬ ᠤᠨ ᠤᠷᠤᠯᠭ᠎ᠠ ᠵᠠᠷᠤᠯᠭ᠎ᠠ ᠶᠢ 2015 ᠣᠨ ᠳᠤ ᠬᠢᠨᠠᠨ ᠪᠤᠳᠤᠵᠦ ᠪᠠᠶᠢᠴᠠᠭᠠᠨ ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠢ ᠲᠤᠰᠬᠠᠢ ᠰᠡᠳᠦᠪ ᠢᠶᠠᠷ ᠠᠰᠠᠭᠤᠨ ᠯᠠᠪᠯᠠᠵᠦ᠂ ᠦᠪᠡᠷᠳᠡᠭᠡᠨ ᠵᠠᠰᠠᠬᠤ ᠤᠷᠤᠨ ᠤ ᠵᠤᠭᠠᠴᠠᠯ ᠤᠨ ᠲᠤᠪᠴᠢᠶ᠎ᠠ ᠶᠢᠨ 2015 ᠣᠨ ᠤ ᠠᠵᠢᠯ ᠳᠤ ᠠᠵᠢᠯ ᠤᠨ ᠦᠨᠡᠯᠡᠯᠳᠡ ᠬᠢᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号