ᠥᠪᠥᠷ ᠮᠣᠩᠭᠤᠯ ᠤᠨ ᠵᠢᠭᠤᠯᠴᠢᠯᠠᠯ ᠤᠨ ᠦᠵᠡᠬᠦᠯᠦᠯᠭᠡ ᠨᠢ ᠳᠤᠮᠳᠠᠳᠤ ᠤᠯᠤᠰ ᠤᠨ ᠪᠠᠷᠠᠭᠤᠨ ᠬᠤᠶᠢᠲᠤ ᠣᠷᠣᠨ ᠤ ᠵᠢᠭᠤᠯᠴᠢᠯᠠᠯ ᠤᠨ ᠡᠵᠡᠩᠨᠡᠯᠲᠡ ᠪᠤᠷᠤᠯᠠᠭᠤᠯᠤᠯᠲᠠ ᠶᠢᠨ ᠶᠡᠭᠡ ᠬᠤᠷᠠᠯ ᠳᠡᠭᠡᠷ᠎ᠡ ᠬᠡᠷᠡᠯ ᠬᠢᠯᠪᠠᠭ᠎ᠠ ᠎ ᠪᠠᠨ ᠰᠠᠴᠤᠷᠠᠭᠤᠯᠪᠠ
ᠨᠡᠶᠢᠲᠡᠯᠡᠭᠰᠡᠨ ᠴᠠᠭ᠄
2016/3/29
     ᠪᠦᠬᠦ ᠤᠯᠤᠰ ᠤᠨ ᠬᠠᠮᠤᠭ ᠤᠨ ᠲᠤᠮᠤ ᠬᠡᠪᠴᠢᠶᠡᠨ ᠤ ᠬᠠᠪᠤᠷ ᠤᠨ ᠤᠯᠠᠷᠢᠯ ᠤᠨ ᠵᠢᠭᠤᠯᠴᠢᠯᠠᠯ ᠤᠨ ᠦᠢᠯᠡᠰ ᠤᠨ ᠡᠵᠡᠩᠨᠡᠯᠲᠡ ᠪᠤᠷᠤᠯᠠᠭᠤᠯᠤᠯᠲᠠ ᠶᠢᠨ ᠦᠪᠡᠳᠡᠭᠰᠢ ᠶᠡᠭᠡ ᠶᠣᠰᠣᠯᠠᠯ — ︽ᠷᠢᠳᠢ ᠰᠢᠳᠢᠯᠢᠭ ᠪᠠᠷᠠᠭᠤᠨ ᠬᠤᠶᠢᠲᠤ ᠣᠷᠣᠨ · ᠭᠠᠷ ᠭᠠᠷ ᠢᠶᠠᠨ ᠬᠦᠲᠡᠯᠦᠯᠴᠡᠭᠰᠡᠨ ᠳᠤᠮᠳᠠᠳᠤ ᠤᠯᠤᠰ︾᠎ ᠢᠶᠠᠷ ᠭᠤᠣᠯ ᠰᠡᠳᠦᠪ ᠪᠣᠯᠭᠠᠭᠰᠠᠨ ︽2016 ᠣᠨ ᠤ ᠳᠤᠮᠳᠠᠳᠤ ᠤᠯᠤᠰ ᠤᠨ ᠪᠠᠷᠠᠭᠤᠨ ᠬᠤᠶᠢᠲᠤ ᠣᠷᠣᠨ ᠤ ᠵᠢᠭᠤᠯᠴᠢᠯᠠᠯ ᠤᠨ ᠡᠵᠡᠩᠨᠡᠯᠲᠡ ᠪᠤᠷᠤᠯᠠᠭᠤᠯᠤᠯᠲᠠ ᠶᠢᠨ ᠶᠡᠭᠡ ᠬᠤᠷᠠᠯ︾ 3 ᠳ᠋ᠤᠭᠠᠷ ᠰᠠᠷ᠎ᠠ ᠶᠢᠨ 24᠎ ᠤ ᠡᠳᠦᠷ ᠡᠷᠲᠡᠨ ᠤ ᠬᠤᠲᠠ ᠰᠢ ᠠᠨ ᠳᠤ ᠬᠤᠷᠠᠯᠳᠤᠪᠠ᠃ ᠳᠤᠮᠳᠠᠳᠤ ᠤᠯᠤᠰ ᠤᠨ ᠪᠠᠷᠠᠭᠤᠨ ᠬᠤᠶᠢᠲᠤ ᠣᠷᠣᠨ ᠤ ᠵᠢᠭᠤᠯᠴᠢᠯᠠᠯ ᠤᠨ ᠡᠵᠡᠩᠨᠡᠯᠲᠡ ᠪᠤᠷᠤᠯᠠᠭᠤᠯᠤᠯᠲᠠ ᠶᠢᠨ ᠶᠡᠭᠡ ᠬᠤᠷᠠᠯ ᠢ ᠱᠠᠨᠰᠢ ᠮᠤᠵᠢ ᠶᠢᠨ ᠵᠢᠭᠤᠯᠴᠢᠯᠠᠯ ᠤᠨ ᠲᠣᠪᠴᠢᠶ᠎ᠠ ᠪᠤᠯᠤᠨ ᠪᠠᠷᠠᠭᠤᠨ ᠬᠤᠶᠢᠲᠤ ᠣᠷᠣᠨ ᠤ ᠡᠯ᠎ᠡ ᠮᠤᠵᠢ ᠣᠷᠣᠨ ᠤ ᠵᠢᠭᠤᠯᠴᠢᠯᠠᠯ ᠤᠨ ᠲᠣᠪᠴᠢᠶ᠎ᠠ ᠬᠠᠮᠲᠤᠷᠠᠨ ᠡᠷᠭᠢᠯᠡᠵᠦ᠂ ᠪᠦᠬᠦ ᠤᠯᠤᠰ ᠤᠨ ᠡᠯ᠎ᠡ ᠮᠤᠵᠢ ᠣᠷᠣᠨ ᠤ ᠵᠢᠭᠤᠯᠴᠢᠯᠠᠯ ᠤᠨ ᠲᠣᠪᠴᠢᠶ᠎ᠠ ᠪᠤᠯᠤᠨ ᠵᠢᠭᠤᠯᠴᠢᠯᠠᠯ ᠤᠨ ᠨᠡᠶᠢᠭᠡᠮᠯᠢᠭ ᠵᠢᠴᠢ ᠰᠢᠶᠠᠩᠭᠠᠩ ᠣᠣᠮᠧᠨ ᠲᠠᠶᠢᠸᠠᠨ ᠤ ᠵᠢᠭᠤᠯᠴᠢᠯᠠᠯ ᠤᠨ ᠠᠵᠤ ᠠᠬᠤᠶᠢᠯᠠᠯ ᠨᠤᠭᠤᠳ ᠢ ᠥᠷᠭᠡᠨ ᠢᠶᠠᠷ ᠳᠠᠶᠢᠴᠢᠯᠠᠪᠠ᠃ ᠲᠤᠰ ᠤᠳᠠᠭᠠᠨ ᠤ ᠲᠠᠨᠢᠯᠴᠠᠭᠤᠯᠬᠤ ᠬᠤᠷᠠᠯ ᠳᠤ ᠡᠯᠪᠡᠭ ᠪᠠᠶᠠᠯᠢᠭ ᠮᠡᠳᠡᠭᠡ ᠵᠠᠩᠭᠢ ᠨᠡᠶᠢᠲᠡᠯᠡᠬᠦ᠂ ᠵᠠᠮ ᠱᠤᠭᠤᠮ ᠢ ᠲᠠᠨᠢᠯᠴᠠᠭᠤᠯᠬᠤ᠂ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠬᠢᠬᠦ᠂ ᠬᠤᠳᠠ ᠨᠤᠭᠤᠳ ᠬᠠᠮᠲᠤᠷᠠᠨ ᠬᠦᠳᠡᠯᠦᠯᠴᠡᠬᠦ᠂ ᠬᠠᠮᠲᠤᠷᠠᠨ ᠠᠵᠢᠯᠯᠠᠬᠤ ᠵᠦᠪᠳᠡᠯᠴᠡᠭᠡᠷ ᠲᠤᠭᠲᠠᠬᠤ᠂ ᠠᠭᠤᠳᠠᠮ ᠲᠠᠯᠠᠪᠠᠢ ᠳᠤ ᠳᠡᠯᠭᠡᠨ ᠦᠵᠡᠭᠦᠯᠬᠦ᠂ ᠠᠷᠠᠳ ᠤᠳ ᠬᠠᠮᠲᠤᠷᠠᠨ ᠬᠦᠳᠡᠯᠦᠯᠴᠡᠬᠦ ᠵᠢᠴᠢ ᠲᠣᠮᠣ ᠬᠡᠯᠪᠡᠷᠢ ᠶᠢᠨ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠵᠡᠷᠭᠡ ᠪᠤᠢ᠃ ᠪᠦᠬᠦ ᠤᠯᠤᠰ ᠤᠨ 30 ᠰᠢᠬᠠᠮ ᠮᠤᠵᠢ ᠣᠷᠣᠨ ᠤ 1000 ᠰᠢᠬᠠᠮ ᠵᠢᠭᠤᠯᠴᠢᠯᠠᠯ ᠤᠨ ᠦᠢᠯᠡᠴᠢᠯᠡᠭᠡᠨ ᠤ ᠨᠢᠭᠡᠴᠡ ᠨᠦᠭᠦᠳ ᠬᠤᠷᠠᠯ ᠳᠤ ᠤᠷᠤᠯᠴᠠᠨ ᠲᠠᠨᠢᠯᠴᠠᠭᠤᠯᠭ᠎ᠠ ᠬᠢᠭᠰᠡᠨ ᠪᠠ ᠲᠤᠬᠠᠶᠢᠯᠠᠭᠰᠠᠨ ᠠᠵᠢᠯ ᠤᠨ ᠲᠠᠯ᠎ᠠ ᠪᠠᠷ ᠵᠤᠯᠭᠠᠯᠳᠤᠭᠰᠠᠨ ᠤ ᠬᠠᠮᠲᠤ᠂ ᠭᠡᠷ᠎ᠡ ᠲᠣᠭᠲᠠᠭᠰᠠᠨ ᠪᠠᠶᠢᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ︽ᠡᠬᠡ ᠤᠯᠤᠰ ᠤᠨ ᠤᠮᠠᠷᠠᠲᠤ ᠣᠷᠣᠨ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ︾ ᠭᠡᠰᠡᠨ ᠵᠢᠭᠤᠯᠴᠢᠯᠠᠯ ᠤᠨ ᠨᠡᠷᠡᠲᠦ ᠲᠡᠮᠳᠡᠭ ᠎ ᠲᠠᠢ ᠨᠢᠭᠲᠠ ᠤᠶᠠᠯᠳᠤᠭᠤᠯᠤᠨ᠂ ᠮᠤᠵᠢ ᠶᠢᠨ ᠬᠤᠭᠤᠷᠣᠨᠳᠣᠬᠢ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠤᠬᠠᠭᠤᠯᠭ᠎ᠠ ᠪᠣᠷᠣᠯᠠᠭᠤᠯᠭ᠎ᠠ ᠶᠢᠨ ᠰᠡᠳᠬᠢᠴᠡ ᠪᠠᠨ ᠰᠢᠨᠡᠴᠢᠯᠡᠵᠤ᠂ ᠲᠤᠰ ᠤᠳᠠᠭᠠᠨ ᠤ ᠶᠡᠭᠡ ᠬᠤᠷᠠᠯ ᠳᠤ ᠬᠡᠷᠡᠯ ᠬᠢᠯᠪᠠᠭ᠎ᠠ ᠪᠠᠨ ᠰᠠᠴᠤᠷᠠᠭᠤᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠬᠤᠸᠠᠩ ᠫᠢᠡᠭ ᠱᠠᠨᠰᠢ ᠮᠤᠵᠢ᠂ ᠭᠠᠨᠰᠦ ᠮᠤᠵᠢ ᠂ ᠬᠥᠬᠡᠨᠠᠭᠤᠷ ᠮᠤᠵᠢ᠂ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠬᠢᠭᠡᠳ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠡᠷᠭᠡ ᠪᠠᠷᠠᠭᠤᠨ ᠬᠤᠶᠢᠲᠤ ᠣᠷᠣᠨ ᠤ ᠵᠢᠭᠤᠯᠴᠢᠯᠠᠯ ᠤᠨ ᠬᠠᠮᠵᠢᠯᠴᠠᠭᠠᠨ ᠤ ᠣᠷᠣᠨ ᠤ ᠵᠢᠭᠤᠯᠴᠢᠯᠠᠯ ᠤᠨ ᠲᠣᠪᠴᠢᠶ᠎ᠠ ᠪᠣᠯᠤᠨ ᠴᠦᠩᠴᠢᠩ ᠬᠤᠲᠠ᠂ ᠰᠧᠴᠤᠸᠠᠨ ᠮᠤᠵᠢ᠂ ᠬᠤᠪᠸᠢ ᠮᠤᠵᠢ᠂ ᠱᠠᠨᠰᠢ ᠮᠤᠵᠢ᠂ ᠾᠧᠨᠠᠨ ᠮᠤᠵᠢ᠂ ᠲᠥᠪᠡᠳ ᠤᠨ ᠥᠪᠡᠷᠲᠡᠭᠡᠨ ᠵᠠᠰᠠᠬᠤ ᠣᠷᠣᠨ ᠵᠡᠷᠭᠡ ᠪᠠᠷᠠᠭᠤᠨ ᠬᠤᠶᠢᠲᠤ ᠶᠢᠨ ᠬᠦᠷᠰᠢ ᠵᠡᠷᠭᠡᠯᠡᠳᠡᠭᠡ ᠮᠤᠵᠢ ᠣᠷᠣᠨ ᠤ ᠵᠢᠭᠤᠯᠴᠢᠯᠠᠯ ᠤᠨ ᠲᠣᠪᠴᠢᠶ᠎ᠠ ᠯᠤᠭ᠎ᠠ ︽ᠪᠠᠷᠠᠭᠤᠨ ᠬᠤᠶᠢᠲᠤ ᠣᠷᠣᠨ ᠤ ᠵᠢᠭᠤᠯᠴᠢᠯᠠᠯ ᠤᠨ ᠬᠠᠮᠵᠢᠯᠴᠠᠭᠠᠨ ᠤ ᠣᠷᠣᠨ ᠪᠤᠯᠤᠨ ᠬᠥᠷᠰᠢ ᠵᠡᠷᠭᠡᠯᠡᠳᠡᠭᠡ ᠮᠤᠵᠢ ᠣᠷᠣᠨ ᠤ ︿ᠵᠢᠭᠤᠯᠴᠢᠯᠠᠯ ᠤᠨ ᠬᠤᠷᠰᠢᠯᠴᠠᠭ᠎ᠠ ᠶᠢ ᠴᠢᠩᠭᠠᠳᠬᠠᠨ᠂ ᠲᠣᠷᠭᠠᠨ ᠵᠠᠮ ᠤᠨ ᠵᠢᠭᠤᠯᠴᠢᠯᠠᠯ ᠤᠨ ᠬᠥᠭᠵᠢᠯᠲᠡ ᠶᠢ ᠭᠠᠷ ᠬᠤᠯᠪᠣᠯᠴᠠᠨ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠦᠪᠳᠡᠯᠴᠡᠭᠡᠷ﹀︾᠎ ᠲᠤ ᠭᠠᠷ ᠤᠨ ᠦᠰᠦᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠠᠴᠠ ᠬᠠᠮᠲᠤᠷᠠᠨ ᠠᠵᠢᠯᠯᠠᠬᠤ ᠪᠣᠷᠣᠯᠠᠭᠤᠯᠭ᠎ᠠ ᠶᠢᠨ ᠦᠷ᠎ᠡ ᠪᠦᠲᠦᠭᠡᠯ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠶ ᠰᠢᠮᠳᠠᠭᠤᠯᠵᠤ  ᠂ ᠣᠷᠣᠨ ᠤ ᠳᠣᠲᠣᠷᠠᠬᠢ ᠵᠢᠷᠭᠤᠭᠠᠨ ᠠᠶᠢᠮᠠᠭ ᠬᠤᠳᠠ ᠶᠢᠨ ᠵᠢᠭᠤᠯᠴᠢᠯᠠᠯ ᠤᠨ ᠠᠵᠤ ᠠᠬᠤᠶᠢᠯᠠᠯ ᠲᠠᠢ ᠢᠳᠡᠪᠬᠢᠲᠡᠶ ᠠᠵᠢᠯᠯᠠᠵᠤ᠂ ᠬᠠᠷᠠᠯᠲᠠᠲᠤ ᠵᠠᠬ᠎ᠠ ᠳᠡᠯᠭᠡᠭᠦᠷ ᠤᠨ ᠵᠢᠭᠤᠯᠴᠢᠯᠠᠯ ᠤᠨ ᠠᠵᠤ ᠠᠬᠤᠶᠢᠯᠠᠯ ᠯᠤᠭ᠎ᠠ ᠦᠯᠡᠮᠵᠢ ᠣᠯᠠᠨ ᠬᠡᠷᠡᠭᠯᠡᠭᠴᠢᠳ ᠤᠨ ᠢᠷᠡᠯᠲᠡ ᠶᠢᠨ ᠬᠠᠮᠲᠤᠷᠠᠨ ᠠᠵᠢᠯᠯᠠᠬᠤ ᠠᠭᠤᠯᠭ᠎ᠠ ᠪᠠᠨ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠬᠠᠮᠲᠤᠷᠠᠯᠴᠠᠭ᠎ᠠ ᠶᠢᠨ ᠰᠠᠨᠠᠮᠵᠢ ᠶᠢᠨ ᠪᠢᠴᠢᠭ ᠢ ᠲᠤᠭᠲᠠᠵᠤ᠂ ᠥᠪᠥᠷ ᠮᠣᠩᠭᠤᠯ ᠳᠤ 72000 ᠭᠠᠷᠤᠢ ᠬᠡᠷᠡᠭᠯᠡᠭᠴᠢᠳ ᠤᠨ ᠢᠷᠡᠯᠲᠡ ᠶᠢ ᠬᠦᠷᠭᠡᠭᠰᠡᠨ ᠪᠠᠶᠢᠨ᠎ᠠ᠃      3 ᠳ᠋ᠤᠭᠠᠷ ᠰᠠᠷ᠎ᠠ ᠶᠢᠨ 25᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ︽2016 ᠣᠨ ᠤ ᠳᠤᠮᠳᠠᠳᠤ ᠤᠯᠤᠰ ᠤᠨ ᠪᠠᠷᠠᠭᠤᠨ ᠬᠤᠶᠢᠲᠤ ᠣᠷᠣᠨ ᠤ ᠵᠢᠭᠤᠯᠴᠢᠯᠠᠯ ᠤᠨ ᠡᠵᠡᠩᠨᠡᠯᠲᠡ ᠪᠤᠷᠤᠯᠠᠭᠤᠯᠤᠯᠲᠠ ᠶᠢᠨ ᠶᠡᠭᠡ ᠬᠤᠷᠠᠯ︾᠎ ᠢᠶᠠᠷ ᠳᠠᠮᠵᠢᠨ᠂ ︽ᠲᠠᠯ᠎ᠠ ᠨᠤᠲᠤᠭ ᠤᠨ ᠪᠤᠯᠵᠤᠭ᠎ᠠ — ᠥᠪᠥᠷ ᠮᠣᠩᠭᠤᠯ ᠤᠨ ᠡᠷᠭᠢᠨ ᠲᠣᠭᠤᠷᠢᠨ ᠤ ᠮᠤᠵᠢ ᠬᠤᠲᠠ ᠶᠢᠨ ᠵᠢᠭᠤᠯᠴᠢᠯᠠᠯ ᠤᠨ ᠲᠠᠨᠢᠯᠴᠠᠭᠤᠯᠬᠤ ᠬᠤᠷᠠᠯ︾᠎ ᠢ ᠳᠦᠷᠪᠡᠨ ᠲᠠᠯᠠᠪᠠᠢ ᠡᠷᠬᠢᠯᠡᠵᠦ᠂ ᠲᠥᠪ ᠪᠤᠯᠤᠨ ᠣᠷᠣᠨ ᠨᠤᠲᠤᠭ ᠤᠨ 30 ᠭᠠᠷᠤᠶ ᠭᠤᠤᠯᠯᠠᠭᠴᠢ ᠵᠠᠭᠤᠴᠢᠯᠠᠭᠤᠷ ᠬᠢᠭᠡᠳ ᠱᠠᠨᠰᠢ ᠮᠤᠵᠢ ᠶᠢᠨ 150 ᠵᠢᠭᠤᠯᠴᠢᠯᠠᠯ ᠤᠨ ᠬᠤᠷᠢᠶ᠎ᠠ ᠲᠠᠨᠢᠯᠴᠠᠭᠤᠯᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠪᠠᠶᠢᠨ᠎ᠠ᠃      ᠲᠠᠨᠢᠯᠴᠠᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠠᠷᠪᠠᠨ ᠶᠡᠭᠡ ᠵᠢᠭᠤᠯᠴᠢᠯᠠᠯ ᠤᠨ ᠡᠬᠢ ᠪᠠᠶᠠᠯᠢᠭ ︽643X︾ ᠨᠡᠷᠡᠲᠦ ᠳᠡᠮᠳᠡᠭ ᠤᠨ ᠰᠢᠰᠲ᠋ᠧᠮ ︵ᠵᠢᠷᠭᠤᠭᠠᠨ ᠲᠤᠮᠤ ᠨᠡᠷᠡᠲᠦ ᠲᠡᠮᠳᠡᠭ ᠤᠨ ᠤᠷᠢᠶ᠎ᠠ᠂ ᠳᠥᠷᠪᠡᠨ ᠲᠣᠮᠣ ᠣᠷᠣᠨ ᠪᠦᠰᠡ ᠶᠢᠨ ᠨᠡᠷᠡᠲᠦ ᠲᠡᠮᠳᠡᠭ᠂ ᠭᠤᠷᠪᠠᠳᠤᠭᠠᠷ ᠳᠡᠰ ᠤᠨ ᠨᠡᠷᠡᠲᠦ ᠲᠡᠮᠳᠡᠭ ᠤᠨ ᠱᠤᠭᠤᠮ︶᠎ ᠲᠠᠢ ᠤᠶᠠᠯᠳᠤᠭᠤᠯᠤᠨ᠂  ᠬᠠᠲᠤᠨ ᠭᠤᠣᠯ ᠤᠨ  ︽几︾ ᠦᠰᠦᠭ ᠤᠨ ᠶᠡᠭᠡ ᠭᠤᠪᠢ ᠶᠢᠨ ᠵᠢᠭᠤᠯᠴᠢᠯᠠᠯ ᠤᠨ ᠱᠤᠭᠤᠮ ᠂ ᠠᠯᠠᠱᠠ ᠶᠢᠨ ᠨᠢᠭᠤᠴᠠ  ᠪᠠᠷᠲᠠᠭᠠᠲᠤ ᠰᠢᠨᠵᠢᠯᠡᠯ ᠤᠨ ᠵᠢᠭᠤᠯᠴᠢᠯᠠᠯ ᠤᠨ ᠱᠤᠭᠤᠮ᠂ ᠴᠡᠯᠡᠭᠡᠷ ᠲᠠᠯ᠎ᠠ ᠶᠢᠨ ᠤᠳᠤ ᠦᠶ᠎ᠡ ᠶᠢᠨ ᠨᠤᠲᠤᠭ ᠪᠡᠯᠴᠢᠭᠡᠷ ᠤᠨ ᠪᠣᠯᠪᠠᠰᠤᠨ ᠤ ᠵᠢᠭᠤᠯᠴᠢᠯᠠᠯ ᠤᠨ ᠱᠤᠭᠤᠮ᠂ ᠬᠠᠭᠠᠨ ᠤ ᠣᠩᠭᠤᠨ ᠤ ᠵᠢᠭᠤᠯᠴᠢᠯᠠᠯ ᠤᠨ ᠱᠤᠭᠤᠮ ᠵᠡᠷᠭᠡ 4 ᠵᠤᠷᠪᠤᠰ   ᠵᠢᠭᠤᠯᠴᠢᠯᠠᠯ ᠤᠨ ᠭᠤᠣᠯ ᠵᠠᠮ ᠱᠤᠭᠤᠮ ᠢ ᠭᠤᠣᠯᠳᠠᠯᠭ᠎ᠠ ᠲᠠᠢ ᠲᠠᠨᠢᠯᠴᠠᠭᠤᠯᠪᠠ᠃ ᠤᠷᠬᠢᠯᠦᠮ᠎ᠠ ᠬᠠᠯᠠᠭᠤᠨ ᠰᠡᠳᠬᠢᠯᠭᠡ ᠪᠢᠯᠬᠠᠭᠰᠠᠨ ᠥᠪᠥᠷ ᠮᠣᠩᠭᠤᠯ ᠤᠨ ᠵᠢᠭᠤᠯᠴᠢᠯᠠᠯ ᠤᠨ ᠤᠬᠠᠭᠤᠯᠭ᠎ᠠ ᠶᠢᠨ ᠹᠢᠯᠢᠮ ᠢ ᠰᠤᠨᠢᠷᠬᠠᠭᠤᠯᠤᠭᠰᠠᠨ ᠤ ᠳᠠᠷᠠᠭ᠎ᠠ᠂ ᠡᠯ᠎ᠡ ᠠᠶᠢᠮᠠᠭ ᠬᠤᠳᠠ ᠶᠢᠨ ᠵᠢᠭᠤᠯᠴᠢᠯᠠᠯ ᠤᠨ ᠲᠣᠪᠴᠢᠶ᠎ᠠ ᠨᠤᠭᠤᠳ ᠲᠤᠰ ᠲᠤᠰ ᠭᠤᠶᠢᠳᠠ ᠰᠠᠶᠢᠬᠠᠨ ᠲᠠᠨᠢᠯᠴᠠᠭᠤᠯᠭ᠎ᠠ ᠬᠢᠵᠤ᠂ ᠬᠤᠪᠴᠠᠰᠤᠨ ᠤ ᠳᠡᠯᠭᠡᠨ ᠦᠵᠡᠭᠦᠯᠦᠯᠭᠡ ᠨᠢ ᠬᠤᠷᠠᠯ ᠤᠨ ᠠᠬᠤᠢ ᠲᠠᠯᠠᠪᠠᠢ ᠶᠢ ᠨᠡᠩ ᠬᠦᠭᠵᠢᠯ ᠪᠠᠶᠠᠰᠤᠯ ᠲᠠᠢ ᠪᠤᠯᠭᠠᠪᠠ᠃      ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠬᠤᠸᠠᠩ ᠫᠢᠡᠭ ᠪᠦᠯᠬᠦᠮ ᠳᠠᠭᠠᠭᠤᠯᠤᠨ᠂ ᠣᠷᠣᠨ ᠤ ᠳᠣᠲᠣᠷᠠᠬᠢ ᠭᠤᠤᠯᠯᠠᠭᠴᠢ ᠵᠠᠭᠤᠴᠢᠯᠠᠭᠤᠷ ᠬᠢᠭᠡᠳ ᠬᠥᠬᠡᠬᠤᠲᠠ ᠂ ᠪᠤᠭᠤᠲᠤ᠂ ᠤᠷᠳᠤᠰ᠂ ᠪᠠᠶᠠᠨᠨᠠᠭᠤᠷ᠂ ᠦᠬᠠᠶ᠂ ᠠᠯᠠᠱᠠ ᠵᠡᠷᠭᠡ ᠪᠠᠷᠠᠭᠤᠨ ᠬᠡᠰᠡᠭ ᠤᠨ ᠭᠠᠵᠠᠷ ᠣᠷᠣᠨ ᠤ 6 ᠠᠶᠢᠮᠠᠭ ᠬᠤᠳᠠ ᠶᠢᠨ ᠵᠢᠭᠤᠯᠴᠢᠯᠠᠯ ᠤᠨ ᠲᠣᠪᠴᠢᠶ᠎ᠠ ᠪᠤᠯᠤᠨ ᠵᠢᠭᠤᠯᠴᠢᠯᠠᠯ ᠤᠨ ᠠᠵᠤ ᠠᠬᠤᠶᠢᠯᠠᠯ ᠤᠨ 80 ᠰᠢᠬᠠᠮ ᠬᠥᠮᠦᠨ ︽2016 ᠣᠨ ᠤ ᠳᠤᠮᠳᠠᠳᠤ ᠤᠯᠤᠰ ᠤᠨ ᠪᠠᠷᠠᠭᠤᠨ ᠬᠤᠶᠢᠲᠤ ᠣᠷᠣᠨ ᠤ ᠵᠢᠭᠤᠯᠴᠢᠯᠠᠯ ᠤᠨ ᠡᠵᠡᠩᠨᠡᠯᠲᠡ ᠪᠤᠷᠤᠯᠠᠭᠤᠯᠤᠯᠲᠠ ᠶᠢᠨ ᠶᠡᠭᠡ ᠬᠤᠷᠠᠯ︾᠎ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号