3 ᠳ᠋ᠤᠭᠠᠷ ᠰᠠᠷ᠎ᠠ ᠶᠢᠨ 28 ᠤ ᠡᠳᠦᠷ᠂ 2016 ᠣᠨ ᠤ ᠬᠥᠬᠡᠬᠤᠲᠠ ᠶᠢᠨ ᠨᠡᠶᠢᠭᠡᠮ ᠤᠨ ᠤᠢᠩᠭᠡᠠ | ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠬᠦ ᠲᠤᠰᠬᠠᠶ ᠴᠡᠭᠴᠡᠯᠡᠨ | ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠦᠨ ᠵᠢᠶᠠᠨ ᠳ᠋ᠦᠩ ᠬᠤᠷᠠᠯ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠳᠡᠳ᠋ ᠳᠠᠷᠤᠭ᠎ᠠ ᠭᠠᠩᠪᠥ᠋ᠬᠡ᠂ ᠬᠤᠳᠠ ᠶᠢᠨ ᠵᠠᠰᠠᠭ ᠤᠨ | ᠣᠷᠳᠣᠨ ᠤ ᠴᠢᠬᠤᠯᠠ ᠶᠡᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ | ᠰᠠᠶᠢᠨᠴᠡᠩᠭᠡᠯ ᠬᠤᠷᠠᠯ ᠳᠤ ᠣᠷᠣᠯᠴᠠᠪᠠ᠃ | ᠶᠥᠨ ᠵᠢᠶᠠᠨ ᠳ᠋ᠦᠩ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠨᠡᠶᠢᠭᠡᠮ ᠤᠨ ᠤᠢᠩᠭᠡᠠ ᠬᠡᠷᠡᠭᠯᠡᠭᠡᠨ ᠤ | ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠬᠦ ᠠᠵᠢᠯ ᠪᠣᠯ ᠥᠪᠡᠷᠲᠡᠭᠡᠨ ᠵᠠᠰᠠᠬᠤ | ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠬᠤ ᠴᠢᠬᠤᠯᠠ ᠠᠵᠢᠯ ᠤᠨ ᠨᠢᠭᠡᠨ ᠠᠭᠤᠯᠭ᠎ᠠ ᠪᠣᠯᠤᠨ᠎ᠠ᠃ | 2014 ᠣᠨ ᠠᠴᠠ 2016 ᠣᠨ ᠪᠣᠯᠲᠠᠯ᠎ᠠ ᠪᠦᠬᠦ ᠣᠷᠣᠨ ᠤ ᠬᠡᠪᠴᠢᠶᠡᠨ ᠳᠤ ᠥᠷᠨᠢᠭᠦᠯᠦᠭᠰᠡᠨ ᠨᠡᠶᠢᠭᠡᠮ ᠤᠨ | ᠤᠢᠩᠭᠡᠠ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠬᠦ ᠲᠤᠰᠬᠠᠶ | ᠴᠡᠭᠴᠡᠯᠡᠨ ᠵᠠᠰᠠᠬᠤ ᠠᠵᠢᠯ ᠢ ᠡᠨᠡ ᠵᠢᠯ ᠤᠨ ᠡᠴᠦᠰ ᠲᠤ ᠰᠢᠯᠭᠠᠨ ᠦᠨᠡᠯᠡᠵᠦ ᠵᠢᠭᠰᠠᠭᠠᠨ᠎ᠠ᠂ ᠡᠯ᠎ᠡ ᠱᠠᠲᠤᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠠᠮᠢᠶ᠎ᠡ ᠪᠦᠬᠦᠢ ᠰᠠᠯᠠᠭ᠎ᠠ ᠮᠥᠴᠢᠷ ᠤᠳ ᠳᠤᠰ ᠳᠤᠰ ᠤᠨ ᠴᠡᠭᠴᠡᠯᠡᠨ | ᠵᠠᠰᠠᠬᠤ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠵᠤ᠂ | ᠬᠦᠴᠢᠷ ᠪᠡᠷᠬᠡ ᠶᠢ ᠰᠦᠷᠦᠨ ᠤᠷᠤᠭᠰᠢᠯᠠᠵᠤ᠂ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠠᠳᠬᠤᠨ᠂ ᠲᠤᠰ | ᠤᠳᠠᠭᠠᠨ ᠤ ᠨᠡᠶᠢᠭᠡᠮ ᠤᠨ ᠤᠢᠩᠭᠡᠠ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ | ᠵᠡᠷᠭᠡᠪᠡᠷ ᠬᠡᠷᠡᠭᠯᠡᠬᠦ ᠴᠡᠭᠴᠡᠯᠡᠨ ᠵᠠᠰᠠᠬᠤ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠬᠦᠰᠡᠵᠦ | ᠪᠠᠶᠢᠨ᠎ᠠ᠃ ᠴᠡᠭᠴᠡᠯᠡᠨ ᠵᠠᠰᠠᠬᠤ ᠠᠵᠢᠯ ᠢ ᠨᠠᠮ ᠪᠠ ᠤᠯᠤᠰ ᠣᠷᠣᠨ ᠤ ᠦᠨᠳᠦᠰᠦᠲᠡᠨ ᠤ ᠦᠭᠡ ᠬᠡᠯᠡ ᠦᠰᠦᠭ | ᠪᠢᠴᠢᠭ ᠤᠨ ᠲᠦᠷᠦ ᠶᠢᠨ ᠪᠤᠳᠤᠯᠭ᠎ᠠ ᠶᠢᠨ ᠥᠷᠭᠡᠨ ᠬᠡᠪᠴᠢᠶᠡᠨ ᠤ ᠤᠬᠠᠭᠤᠯᠭ᠎ᠠ ᠲᠠᠢ ᠬᠠᠮᠲᠤ ᠤᠶᠠᠯᠳᠤᠭᠤᠯᠵᠤ᠂ | ᠠᠳᠠᠯᠢ ᠪᠤᠰᠤ ᠬᠡᠯᠪᠡᠷᠢ ᠶᠢᠨ ᠤᠬᠠᠭᠤᠯᠭ᠎ᠠ ᠬᠥᠮᠦᠵᠢᠯ ᠢᠶᠠᠷ ᠳᠠᠮᠵᠢᠭᠤᠯᠤᠨ᠂ ᠬᠥᠮᠦᠨ ᠪᠣᠯᠭᠠᠨ ᠳᠤ ᠮᠡᠳᠡᠭᠦᠯᠬᠦ | ᠬᠡᠷᠡᠭᠲᠡᠶ᠃ ᠡᠭᠦᠨ ᠤ ᠬᠠᠮᠲᠤ᠂ ᠪᠦᠬᠦ ᠬᠤᠳᠠ ᠶᠢᠨ ᠥᠷᠭᠡᠨ ᠤᠯᠠᠨ ᠺᠠᠳ᠋ᠷ ᠠᠵᠢᠯᠲᠠᠳ᠂ ᠴᠥᠭᠡᠨ ᠲᠣᠭᠠᠲᠤ | ᠦᠨᠳᠦᠰᠦᠲᠡᠨ ᠤ ᠤᠯᠠᠨ ᠲᠦᠮᠡᠨ ᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠵᠥᠪ ᠣᠨᠣᠪᠴᠢᠲᠠᠶ | ᠬᠡᠷᠡᠭᠯᠡᠬᠦ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠣᠷᠣᠨ ᠤ ᠲᠥᠪ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠬᠠᠷᠢᠯᠴᠠᠨ ᠬᠠᠯᠠᠮᠵᠢᠯᠠᠨ ᠬᠠᠪᠰᠤᠷᠬᠤ᠂ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ᠂ ᠠᠬ᠎ᠠ | ᠳᠡᠭᠦᠦ ᠮᠡᠲᠦ ᠬᠠᠷᠢᠴᠠᠭ᠎ᠠ ᠶᠢ ᠢᠯᠡᠷᠡᠭᠦᠯᠵᠦ᠂ ᠥᠷᠭᠡᠨ ᠤᠯᠠᠨ ᠲᠦᠮᠡᠨ ᠤ ᠮᠣᠩᠭᠤᠯ ᠦᠭᠡ ᠬᠡᠯᠡ ᠦᠰᠦᠭ | ᠪᠢᠴᠢᠭ ᠢ ᠤᠬᠠᠮᠰᠠᠷ ᠠᠴᠠ ᠪᠠᠨ ᠵᠥᠪ ᠬᠡᠷᠡᠭᠯᠡᠬᠦ ᠪᠣᠯᠭᠠᠨ᠎ᠠ ᠭᠡᠵᠡᠢ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠪᠡᠯᠡᠳᠬᠡᠬᠦ᠂ | ᠬᠡᠷᠡᠭᠵᠢᠭᠦᠯᠬᠦ᠂ ᠬᠠᠲᠠᠭᠤ ᠪᠡᠷᠬᠡᠰᠢᠶᠡᠯ ᠢ ᠲᠤᠭᠤᠯᠤᠨ ᠳᠠᠪᠠᠭ᠋ᠤ᠂ ᠪᠠᠷᠢᠮᠵᠢᠶᠠᠭᠤᠯᠤᠯᠲᠠ ᠶᠢ ᠪᠡᠶᠡᠯᠡᠭᠦᠯᠬᠦ ᠳᠦᠷᠪᠡᠨ | ᠱᠠᠲᠤ ᠬᠤᠪᠢᠶᠠᠨ᠂ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠳᠡ ᠶᠢᠨ ᠣᠷᠣᠨ ᠪᠣᠯᠤᠨ ᠡᠯ᠎ᠡ ᠬᠠᠮᠢᠶ᠎ᠡ ᠪᠦᠬᠦᠢ | ᠰᠠᠯᠠᠭ᠎ᠠ ᠮᠥᠴᠢᠷ ᠤᠨ ᠶᠡᠷᠦᠩᠬᠡᠶ ᠡᠭᠦᠷᠭᠡ ᠶᠢᠨ ᠲᠣᠭᠤᠷᠢᠨ ᠳᠤ᠂ ᠤᠷᠢᠳᠠᠪᠠᠷ ᠬᠢᠯᠪᠠᠷ ᠢ ᠨᠢ ᠬᠢᠵᠦ ᠳᠠᠷᠠᠭ᠎ᠠ ᠨᠢ | ᠬᠦᠴᠢᠷ ᠲᠠᠢ ᠶᠢ ᠬᠢᠬᠦ ᠵᠠᠷᠴᠢᠮ ᠢ ᠵᠢᠷᠤᠮᠯᠠᠨ᠂ ᠴᠡᠭᠴᠡᠯᠡᠨ ᠵᠠᠰᠠᠬᠤ ᠠᠵᠢᠯ ᠢ ᠭᠤᠣᠯᠳᠠᠯᠭ᠎ᠠ ᠲᠠᠢ ᠥᠷᠨᠢᠭᠦᠯᠬᠦ ᠶᠢ | ᠱᠠᠭᠠᠷᠳᠠᠪᠠ᠃ | ᠬᠤᠷᠠᠯ ᠳᠡᠭᠡᠷ᠎ᠡ᠂ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠳᠡ ᠶᠢᠨ ᠣᠷᠣᠨ ᠪᠣᠯᠤᠨ ᠡᠯ᠎ᠡ ᠬᠠᠮᠢᠶ᠎ᠡ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠶᠢᠷ᠎ᠠ ᠶᠢᠨ ᠬᠤᠭᠤᠴᠠᠭᠠᠨ ᠤ ᠮᠣᠩᠭᠤᠯ ᠬᠢᠲᠠᠳ ᠬᠤᠶᠠᠷ | ᠵᠦᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠬᠦ ᠲᠤᠰᠬᠠᠶ ᠴᠡᠭᠴᠡᠯᠡᠨ ᠵᠠᠰᠠᠬᠤ ᠠᠵᠢᠯ ᠤᠨ ᠪᠠᠶᠢᠳᠠᠯ ᠤᠨ ᠲᠤᠬᠠᠢ | ᠨᠠᠷᠢᠨ ᠬᠠᠷᠢᠭᠤ ᠮᠡᠳᠡᠭᠦᠯᠦᠯᠲᠡ ᠬᠢᠭᠰᠡᠨ ᠪᠠᠶᠢᠨ᠎ᠠ᠃ | | |