ᠡᠷᠢᠶᠡᠨ ᠬᠤᠳᠠ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠪᠠᠷ ᠦᠢᠯᠡᠴᠢᠯᠡᠭᠡᠨ ᠤ ᠰᠢᠨ᠎ᠡ ᠵᠠᠭᠪᠤᠷ ᠢ ᠬᠥᠲᠥᠯᠥᠨ ᠳᠠᠭᠠᠭᠤᠯᠬᠤ ᠶᠢ ᠢᠳᠡᠪᠬᠢᠲᠡᠶ ᠲᠦᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2016/3/29
      ᠣᠳᠣᠬᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠨᠢᠭᠡᠨᠲᠡ ᠰᠢᠨ᠎ᠡ ᠬᠡᠪ ᠪᠠᠶᠢᠳᠠᠯ ᠳᠤ ᠣᠷᠣᠵᠤ᠂ ᠠᠷᠠᠳ ᠣᠯᠠᠨ ᠡᠯ᠎ᠡ ᠱᠠᠲᠤᠨ ᠤ ᠵᠠᠰᠠᠭ ᠤᠨ ᠣᠷᠳᠣᠨ ᠤ ᠦᠢᠯᠡᠴᠢᠯᠡᠭᠡᠨ ᠤ ᠠᠷᠭ᠎ᠠ ᠮᠠᠶ᠋ᠢᠭ ᠪᠠ ᠶᠠᠰᠤ ᠴᠢᠨᠠᠷ ᠲᠤ ᠨᠡᠩ ᠰᠢᠨ᠎ᠡ᠂ ᠨᠡᠩ ᠥᠨᠳᠥᠷ ᠱᠠᠭᠠᠷᠳᠠᠯᠭ᠎ᠠ ᠳᠤᠷᠠᠳᠤᠨ ᠭᠠᠷᠭᠠᠵᠤ᠂ ᠢᠨᠲ᠋ᠧᠷ ᠰᠦᠯᠵᠢᠶᠡᠨ ᠤ ᠨᠡᠭᠡᠭᠡᠯᠲᠡᠲᠦ ᠴᠢᠨᠠᠷ ᠪᠣᠯᠤᠨ ᠬᠠᠷᠢᠯᠴᠠᠨ ᠦᠢᠯᠡᠳᠦᠯᠴᠡᠬᠦ ᠴᠢᠨᠠᠷ ᠨᠢ ᠤᠯᠠᠮᠵᠢᠯᠠᠯᠲᠤ ᠵᠠᠰᠠᠭ ᠤᠨ ᠣᠷᠳᠣᠨ ᠤ ᠠᠷᠠᠳ ᠤᠯᠠᠨ ᠯᠤᠭ᠎ᠠ ᠶᠢᠨ ᠬᠤᠭᠤᠷᠣᠨᠳᠣᠬᠢ ᠰᠠᠨᠠᠯ ᠢᠶᠠᠨ ᠨᠢᠭᠤᠷᠲᠠᠨ ᠰᠣᠯᠢᠯᠴᠠᠬᠤ ᠬᠢᠵᠠᠭᠠᠷᠯᠠᠯ ᠢ ᠡᠪᠳᠡᠵᠦ᠂ ᠰᠣᠯᠢᠯᠴᠠᠬᠤ ᠰᠢᠨ᠎ᠡ ᠠᠷᠭ᠎ᠠ ᠵᠠᠮ ᠢ ᠥᠷᠭᠡᠳᠬᠡᠪᠡ᠃ ᠤᠯᠠᠨ ᠨᠡᠶᠢᠲᠡ ᠶᠢᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠬᠦ ᠶᠢ ᠤᠯᠠᠮ ᠨᠢᠭᠡ ᠠᠯᠬᠤᠮ ᠳᠥᠭᠦᠮᠴᠢᠯᠡᠬᠦ ᠶᠢᠨ ᠲᠥᠯᠥᠭᠡ᠂ ᠡᠷᠢᠶᠡᠨ ᠬᠤᠳᠠ ᠶᠢᠨ ᠠᠵᠢᠯ ᠣᠯᠭᠤᠬᠤ ᠲᠣᠪᠴᠢᠶ᠎ᠠ ᠨᠢ ᠨᠢᠳᠤᠨᠤᠨ ᠠᠵᠢᠯ ᠣᠯᠭᠤᠯᠲᠠ ᠪᠠ ᠠᠵᠢᠯ ᠠᠯᠳᠠᠯᠲᠠ ᠶᠢ ᠳᠠᠩᠰᠠᠯᠠᠬᠤ ᠬᠠᠮᠢᠶᠠᠷᠤᠯᠲᠠ ᠶᠢᠨ ᠠᠷᠭ᠎ᠠ ᠶᠢ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠤᠤᠯ ᠤᠨ ︽ᠨᠢᠭᠡ ᠦᠷᠳᠡᠭᠡᠯᠢᠭ ᠦᠢᠯᠡᠴᠢᠯᠡᠭᠡ︾᠎ ᠶᠢ ︽ᠨᠢᠭᠡ ᠰᠢᠷᠡᠭᠡᠨ ᠤ ᠬᠡᠯᠪᠡᠷᠢ︾᠎ ᠶᠢᠨ ᠦᠢᠯᠡᠴᠢᠯᠡᠭᠡ ᠪᠣᠯᠭᠠᠨ ᠬᠤᠪᠢᠷᠠᠭᠤᠯᠤᠭᠰᠠᠨ ᠤ ᠳᠠᠷᠠᠭ᠎ᠠ᠂ ᠡᠨᠡ ᠵᠢᠯ᠂ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭᠠᠨ ᠤ ᠰᠢᠰᠲ᠋ᠧᠮ ᠤᠨ ᠰᠦᠯᠵᠢᠶ᠎ᠡ ᠪᠣᠯᠤᠨ ᠡᠷᠢᠶᠡᠨ ᠬᠤᠳᠠ ᠶᠢᠨ ᠬᠥᠳᠡᠯᠮᠦᠷᠢ ᠦᠢᠯᠡᠴᠢᠯᠡᠭᠡᠨ ᠤ ᠰᠦᠯᠵᠢᠶ᠎ᠡ ᠵᠡᠷᠭᠡ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ᠂ ᠮᠡᠳᠡᠭᠡ ᠵᠠᠩᠭᠢ ᠶᠢ ᠢᠯᠡ ᠪᠣᠯᠭᠠᠬᠤ ᠂ ᠶᠠᠪᠤᠴᠠ ᠶᠢ ᠳᠥᠭᠦᠮᠴᠢᠯᠡᠬᠦ ᠶᠢ ᠢᠳᠡᠪᠬᠢᠲᠡᠶ ᠲᠦᠯᠬᠢᠨ ᠠᠬᠢᠭᠤᠯᠵᠤ᠂ ︽ᠤᠯᠠᠨ ᠲᠦᠮᠡᠨ ᠤ ᠲᠥᠯᠥᠭᠡ ᠵᠢᠳᠬᠦᠬᠦ︾᠎ ᠶᠢ ︽ᠮᠡᠳᠡᠭᠡ ᠵᠠᠩᠭᠢ ᠶᠢᠨ ᠵᠠᠭᠤᠴᠢ︾ ᠪᠣᠯᠭᠠᠵᠤ᠂ ᠤᠯᠠᠨ ᠲᠦᠮᠡᠨ ᠳᠤ ᠠᠵᠢᠯ ᠣᠯᠵᠤ ᠠᠳᠠᠯ ᠦᠢᠯᠡᠰ ᠴᠣᠭᠴᠠᠯᠠᠬᠤ ᠮᠡᠳᠡᠭᠡ ᠵᠠᠩᠭᠢ ᠣᠯᠭᠤᠬᠤ ᠳᠤ ᠳᠦᠭᠦᠮ ᠦᠵᠡᠭᠦᠯᠵᠦ᠂ ᠤᠯᠠᠨ ᠲᠦᠮᠡᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠪᠠ᠃ ᠡᠷᠢᠶᠡᠨ ᠬᠤᠳᠠ ᠶᠢᠨ ᠠᠵᠢᠯ ᠣᠯᠭᠤᠬᠤ ᠲᠣᠪᠴᠢᠶ᠎ᠠ ᠨᠢ ᠳᠠᠷᠠᠭᠠᠴᠢ ᠶᠢᠨ ᠠᠯᠬᠤᠮ ᠳᠤ ᠢᠨᠲ᠋ᠧᠷ ᠰᠦᠯᠵᠢᠶᠡᠨ ᠤ ᠮᠡᠷᠭᠡᠵᠢᠯ ᠢ ᠦᠷᠭᠦᠯᠵᠢᠯᠡᠨ ᠢᠳᠡᠪᠬᠢᠲᠡᠶ ᠠᠰᠢᠭᠯᠠᠵᠤ ᠲᠤᠰ ᠪᠡᠶ᠎ᠡ ᠶᠢᠨ ︽ᠳᠡᠰ ᠳᠡᠪᠰᠢᠭᠦᠯᠦᠨ ᠦᠶ᠎ᠡ ᠰᠣᠯᠢᠬᠤ ᠶᠢ ᠪᠡᠶᠡᠯᠡᠭᠦᠯᠵᠦ︾᠂ ᠦᠢᠯᠡᠴᠢᠯᠡᠭᠡᠨ ᠤ ᠤᠨᠤᠯᠵᠢᠬᠤᠨ ᠪᠠ ᠠᠷᠭ᠎ᠠ ᠮᠠᠶ᠋ᠢᠭ ᠢᠶᠠᠨ ᠰᠢᠨᠡᠳᠬᠡᠵᠦ᠂ ᠡᠯᠧᠺᠲᠷᠧᠨᠴᠢᠯᠡᠭᠰᠡ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ︽ᠪᠠᠶᠢᠭᠤᠯᠤᠯᠲᠠ︾᠎ ᠠᠴᠠ ︽ᠬᠡᠷᠡᠭᠯᠡᠬᠦ ᠳᠤ ᠠᠮᠠᠷᠬᠠᠨ︾ ᠰᠢᠯᠵᠢᠯᠲᠡ ᠶᠢ ᠪᠡᠶᠡᠯᠡᠭᠦᠯᠵᠦ᠂ ᠠᠷᠠᠳ ᠤᠨ ᠬᠦᠰᠡᠯ ᠱᠠᠭᠠᠷᠳᠠᠯᠭ᠎ᠠ ᠶᠢ ᠪᠡᠶᠡᠯᠡᠭᠦᠯᠬᠦ ︽ᠰᠢᠭᠤᠳ ᠲᠡᠷᠭᠡ︾ ᠪᠣᠯᠵᠤ᠂ ᠣᠯᠠᠨ ᠲᠦᠮᠡᠨ ︽ᠬᠤᠷᠤᠭᠤ ᠬᠥᠳᠡᠯᠭᠡᠮᠡᠭᠴᠡ︾ ᠤᠴᠢᠷ ᠶᠠᠪᠤᠳᠠᠯ ᠪᠦᠲᠦᠬᠦ ᠪᠣᠯᠭᠠᠵᠤ᠂ ᠦᠢᠯᠡᠴᠢᠯᠡᠭᠡᠨ ᠤ ᠬᠠᠨᠳᠤᠯᠭᠠᠲᠤ ᠴᠢᠨᠠᠷ ᠪᠠ ᠦᠷ᠎ᠡ ᠪᠦᠳᠦᠮᠵᠢᠳᠤ ᠴᠢᠨᠠᠷ ᠢ ᠦᠨᠡᠨ ᠬᠦ ᠪᠠᠲᠤᠯᠠᠬᠤ ᠪᠣᠯᠣᠨ᠎ᠠ  ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号