ᠪᠦᠬᠦ ᠣᠷᠣᠨ ᠤ ᠠᠮᠤ ᠪᠤᠳᠠᠭᠠᠨ ᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/3/31
     3 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠥᠬᠡᠬᠤᠲᠠ ᠳᠤ ᠪᠥᠬᠦ ᠣᠷᠣᠨ ᠤ ᠠᠮᠤ ᠪᠤᠳᠠᠭᠠᠨ ᠤ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠷᠠᠯ ᠤᠨ ᠭᠤᠣᠯ ᠡᠭᠦᠷᠭᠡ ᠪᠣᠯ᠄ ᠪᠦᠬᠦ ᠤᠯᠤᠰ ᠤᠨ ᠠᠮᠤ ᠪᠤᠳᠠᠭᠠᠨ ᠤ ᠭᠦᠢᠯᠭᠡᠭᠡᠨ ᠤ ᠬᠤᠷᠠᠯ ᠤᠨ ᠵᠣᠷᠢᠭ ᠰᠠᠨᠠᠭ᠎ᠠ᠂ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠣᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ︽12 · 5︾ ᠶᠢᠨ ᠲᠥᠯᠥᠪᠵᠢᠭᠦᠯᠭᠡ ᠵᠢᠴᠢ 2015 ᠣᠨ ᠤ ᠪᠦᠬᠦ ᠣᠷᠣᠨ ᠤ ᠠᠮᠤ ᠪᠤᠳᠠᠭᠠᠨ ᠤ ᠠᠵᠢᠯ ᠢ ᠳ᠋ᠦᠩᠨᠡᠵᠦ᠂ ︽13 · 5︾ ᠶᠢᠨ ᠲᠥᠯᠥᠪᠵᠢᠭᠦᠯᠭᠡ ᠵᠢᠴᠢ 2016 ᠣᠨ ᠤ ᠪᠦᠬᠦ ᠣᠷᠣᠨ ᠤ ᠠᠮᠤ ᠪᠤᠳᠠᠭᠠᠨ ᠤ ᠠᠵᠢᠯ ᠢ ᠰᠤᠳᠤᠯᠤᠨ ᠪᠠᠶᠢᠷᠢᠯᠠᠭᠤᠯᠪᠠ︔ ︽ᠠᠮᠤ ᠪᠤᠳᠠᠭᠠᠨ ᠤ ᠠᠮᠤᠷ ᠲᠦᠪᠰᠢᠨ ᠢ ᠮᠤᠵᠢ ᠶᠢᠨ ᠳᠠᠷᠤᠭ᠎ᠠ ᠬᠠᠷᠢᠭᠤᠴᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠪᠣᠯᠣᠨ ︽  ᠠᠮᠤ ᠪᠤᠳᠠᠭᠠᠨ ᠤ ᠠᠮᠤᠷ ᠲᠦᠪᠰᠢᠨ ᠢ ᠠᠶᠢᠮᠠᠭ ᠬᠤᠳᠠ ᠶᠢᠨ ᠳᠠᠷᠤᠭ᠎ᠠ  ᠬᠠᠷᠢᠭᠤᠴᠠᠬᠤ ᠳᠦᠷᠢᠮ ᠢ ᠬᠢᠨᠠᠨ ᠰᠢᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠲᠠᠷᠬᠠᠭᠠᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠢ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠢᠦᠶ ᠮᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠵᠠᠶ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠲᠣᠪᠴᠢᠶ᠎ᠠ ᠶᠢᠨ ᠳᠠᠷᠤᠭ᠎ᠠ ᠵᠠᠩ ᠲᠢᠶᠠᠨ ᠰᠢ ᠠᠵᠢᠯ ᠤᠨ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠮᠦ ᠶᠤᠸᠠᠨ ᠬᠤᠷᠠᠯ ᠢ  ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠢᠴᠢ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠲᠠᠷᠢᠶᠠᠯᠠᠩ ᠤᠨ ᠬᠦᠭᠵᠢᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠤᠰ ᠲᠤᠰ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠲᠣᠪᠴᠢᠶ᠎ᠠ ᠶᠢᠨ ᠳᠡᠳ᠋  ᠳᠠᠷᠤᠭ᠎ᠠ ᠵᠤᠤ ᠴᠠᠩ ᠴᠢᠩ ᠬᠤᠷᠠᠯ ᠤᠨ ᠳ᠋ᠦᠩᠨᠡᠯᠲᠡ ᠬᠢᠪᠡ ᠃      ᠸᠠᠩ ᠢᠦᠶ ᠮᠢᠩ ᠨᠥᠬᠦᠷ ᠵᠢᠭᠠᠵᠤ ᠭᠠᠷᠭᠠᠭᠰᠠᠨ ᠨᠢ᠂ ᠡᠨᠡ ᠤᠳᠠᠭᠠᠨ ᠤ ᠬᠤᠷᠠᠯ ᠪᠣᠯ ᠲᠥᠪ ᠠᠴᠠ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠬᠢᠬᠦ ᠶᠢ ᠳᠤᠷᠠᠳᠴᠤ᠂ ᠲᠦᠷᠦ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠬᠥᠳᠡᠭᠡ ᠠᠵᠤ ᠠᠬᠤᠶ ᠶᠢᠨ ᠪᠦᠲᠦᠴᠡ  ᠶᠢᠨ ᠲᠣᠬᠢᠷᠠᠭᠤᠯᠤᠯᠲᠠ᠂ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠲᠥᠷᠢᠮ ᠤᠨ ᠥᠭᠡᠷᠡᠴᠢᠯᠡᠯᠲᠡ  ᠳᠤ ᠭᠠᠷᠭᠠᠭᠰᠠᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ᠂ ᠠᠮᠤ ᠪᠤᠳᠠᠭᠠᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠶᠡᠭᠡ ᠠᠬᠤᠶ ᠪᠠᠶᠢᠳᠠᠯ ᠳᠣᠣᠷ᠎ᠠ ᠬᠤᠷᠠᠯᠳᠤᠭᠰᠠᠨ ᠶᠤᠮ᠃ ᠤᠢᠢᠷ᠎ᠠ ᠳᠤ ᠬᠤᠷᠠᠯᠳᠤᠭᠤᠯᠤᠭᠰᠠᠨ ᠪᠦᠬᠦ ᠤᠯᠤᠰ ᠤᠨ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠵᠢᠴᠢ ᠤᠢ ᠰᠢᠭᠤᠶ ᠲᠠᠯ᠎ᠠ ᠨᠤᠲᠤᠭ ᠤᠨ ᠭᠠᠯ ᠰᠡᠷᠭᠡᠶᠢᠯᠡᠬᠦ ᠠᠵᠢᠯ ᠤᠨ ᠬᠤᠷᠠᠯ ᠳᠡᠭᠡᠷ᠎ᠡ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠳᠦᠷᠢᠮ ᠤᠨ ᠥᠭᠡᠷᠡᠴᠢᠯᠡᠯᠲᠡ ᠶᠢᠨ ᠲᠠᠯ᠎ᠠ ᠪᠠᠷ ᠪᠣᠳᠠᠲᠠᠶ ᠲᠣᠬᠢᠷᠠᠭᠤᠯᠵᠠᠢ᠃ ᠬᠤᠷᠠᠯ ᠳᠤ ᠭᠤᠣᠯᠳᠠᠭᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠢ ᠣᠯᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠲᠦᠷᠢᠮ ᠤᠨ ᠥᠭᠡᠷᠡᠴᠢᠯᠡᠯᠲᠡ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ᠂ ᠠᠮᠤ ᠪᠤᠳᠠᠭᠠᠨ ᠤ ᠠᠮᠤᠷ ᠲᠥᠪᠰᠢᠨ ᠤ ᠬᠠᠷᠢᠭᠤᠴᠠᠯᠭ᠎ᠠ ᠶᠢᠨ ᠲᠦᠷᠢᠮ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠤᠨ᠎ᠠ ᠭᠡᠪᠡ᠃       ᠵᠠᠩ ᠲᠢᠶᠠᠨ ᠰᠢ ᠨᠥᠬᠦᠷ ᠵᠢᠭᠠᠵᠤ ᠭᠠᠷᠭᠠᠭᠰᠠᠨ ᠨᠢ᠂ ︽12 · 5︾  ᠶᠢᠨ ᠬᠤᠭᠤᠴᠠᠭᠠᠨ ᠳᠤ᠂ ᠨᠠᠷᠢᠨ ᠪᠤᠳᠤᠯᠢᠶᠠᠨᠲᠠᠶ ᠭᠠᠳᠠᠭᠠᠳᠤ ᠪᠠᠶᠢᠳᠠᠯ ᠪᠣᠯᠣᠨ ᠬᠠᠲᠠᠭᠤ ᠬᠦᠨᠳᠦ ᠠᠵᠢᠯ ᠤᠨ ᠡᠭᠦᠷᠭᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠠᠮᠤ ᠪᠤᠳᠠᠭᠠᠨ ᠤ ᠰᠢᠰᠲ᠋ᠧᠮ ᠤᠨ ᠥᠷᠭᠡᠨ ᠣᠯᠠᠨ ᠺᠠᠳ᠋ᠷ ᠠᠵᠢᠯᠲᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠮᠤ ᠪᠤᠳᠠᠭᠠᠨ ᠤ ᠬᠥᠮᠥᠷᠭᠡ︾ ᠶᠢ ᠰᠠᠶᠢᠲᠤᠷ ᠬᠠᠮᠠᠭᠠᠯᠠᠵᠤ ᠬᠠᠮᠢᠶᠠᠷᠬᠤ ᠶᠢ ᠡᠭᠦᠷᠭᠡ ᠪᠠᠨ ᠪᠣᠯᠭᠠᠵᠤ᠂  ︽ᠠᠮᠤ ᠪᠤᠳᠠᠭ᠎ᠠ ᠶᠢ ᠥᠷᠭᠡᠨ ᠢᠶᠠᠷ ᠨᠥᠭᠡᠴᠡᠯᠡᠬᠦ᠂ ᠰᠠᠶᠢᠨ ᠠᠮᠤ ᠪᠤᠳᠠᠭ᠎ᠠ ᠶᠢ ᠨᠥᠬᠡᠴᠡᠯᠡᠬᠦ᠂ ᠠᠮᠤ ᠪᠤᠳᠠᠭ᠎ᠠ ᠶᠢ ᠰᠠᠶᠢᠲᠤᠷ ᠨᠥᠬᠡᠴᠡᠯᠡᠬᠦ︾ ᠭᠤᠷᠪᠠᠨ ᠵᠣᠬᠢᠶᠠᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠢᠳᠡᠪᠬᠢᠲᠡᠶ ᠬᠠᠶᠢᠨ ᠰᠦᠪᠡᠭᠴᠢᠯᠡᠵᠦ᠂ ᠲᠣᠭᠲᠠᠭᠤᠨ ᠪᠠᠶᠢᠯᠭᠠᠬᠤ ᠶᠢᠨ ᠵᠡᠷᠭᠡᠪᠡᠷ ᠤᠷᠤᠭᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ  ᠳᠠᠭᠠᠭᠠᠯᠭᠠᠭᠰᠠᠨ ᠬᠤᠳᠠᠯᠳᠤᠨ ᠠᠪᠬᠤ ᠶᠢ ᠠᠳᠬᠤᠬᠤ᠂ ᠬᠥᠮᠥᠷᠭᠡᠯᠡᠨ ᠬᠠᠳᠠᠭᠠᠯᠠᠬᠤ ᠶᠢ ᠬᠠᠮᠢᠶᠠᠷᠬᠤ᠂ ᠬᠠᠩᠭᠠᠯᠭ᠎ᠠ ᠶᠢ ᠪᠠᠲᠤᠯᠠᠬᠤ᠂ ᠠᠮᠤ ᠪᠤᠳᠠᠭᠠᠨ ᠤ ᠦᠨ᠎ᠡ ᠶᠢ ᠲᠣᠭᠲᠠᠪᠤᠷᠢᠵᠢᠭᠤᠯᠬᠤ ᠦᠨᠳᠦᠰᠦᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ ᠭᠡᠪᠡ᠃      ᠵᠠᠩ ᠲᠢᠶᠠᠨ ᠰᠢ ᠨᠥᠬᠦᠷ ᠴᠢᠬᠤᠯᠠᠴᠢᠯᠠᠭᠰᠠᠨ ᠨᠢ᠂ 2016 ᠣᠨ ᠳᠤ ᠳᠣᠣᠷᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄      ᠨᠢᠭᠡᠳᠦᠭᠡᠷ ᠲᠤ᠂ ᠲᠠᠷᠢᠶᠠᠴᠢᠳ ᠤᠨ ᠦᠢᠯᠡᠳᠪᠦᠷᠢᠯᠡᠯ ᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ ᠠᠮᠤ ᠪᠤᠳᠠᠭ᠎ᠠ ᠶᠢ ᠲᠣᠲᠣᠷ᠎ᠠ ᠪᠠᠨ ᠬᠤᠳᠠᠯᠳᠤᠨ ᠠᠪᠴᠤ ᠭᠠᠳᠠᠭᠰᠢ ᠪᠠᠨ ᠪᠣᠷᠣᠯᠠᠭᠤᠯᠬᠤ ᠶᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠨᠢᠭᠡ ᠳᠤ ᠡᠷᠳᠡᠨᠢ ᠰᠢᠰᠢ ᠬᠤᠳᠠᠯᠳᠤᠨ ᠠᠪᠬᠤ ᠶᠢ ᠬᠦᠴᠦᠯᠡᠨ ᠰᠠᠶᠢᠲᠤᠷ ᠠᠳᠬᠤᠬᠤ ᠬᠡᠷᠡᠭᠲᠡᠶ᠃ ᠬᠤᠶᠠᠷ ᠲᠤ ᠣᠷᠣᠨ ᠤ ᠲᠣᠲᠤᠷᠠᠬᠢ ᠠᠮᠤ ᠪᠤᠳᠠᠭ᠎ᠠ ᠶᠢ ᠭᠠᠳᠠᠭᠰᠢ ᠪᠣᠷᠣᠯᠠᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃      ᠬᠤᠶᠠᠳᠤᠭᠠᠷ ᠲᠤ᠂ ᠠᠮᠤ ᠪᠤᠳᠠᠭᠠᠨ ᠤ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂  ᠠᠮᠤ ᠪᠤᠳᠠᠭᠠᠨ ᠤ ᠬᠤᠷᠸ᠎ᠠ ᠲᠣᠬᠢᠷᠠᠭᠤᠯᠤᠯᠲᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠨᠢᠭᠡ ᠳᠤ ᠣᠷᠣᠨ ᠨᠤᠲᠤᠭ ᠤᠨ ᠨᠥᠭᠡᠴᠡ ᠠᠮᠤ ᠲᠣᠰᠣᠨ ᠤ ᠬᠠᠮᠢᠶᠠᠷᠤᠯᠲᠠ ᠪᠣᠯᠤᠨ ᠠᠶᠤᠯ ᠦᠭᠡᠢ ᠦᠢᠯᠡᠳᠪᠦᠷᠢᠯᠡᠯ ᠢ ᠦᠨᠡᠨ ᠬᠦ ᠴᠢᠩᠭᠠᠳᠬᠠᠬᠤ ᠬᠡᠷᠡᠭᠲᠡᠢ᠃ ᠬᠤᠶᠠᠷ ᠲᠤ ᠠᠮᠤ ᠪᠤᠳᠠᠭᠠᠨ ᠤ ᠪᠠᠴᠢᠮ ᠬᠠᠩᠭᠠᠯᠭ᠎ᠠ ᠶᠢᠨ ᠰᠢᠰᠲ᠋ᠧᠮᠵᠢ ᠶᠢ ᠲᠥᠷᠭᠡᠨ ᠪᠠᠶᠢᠭᠤᠯᠬᠤ ᠬᠡᠷᠡᠭᠲᠡᠢ᠃ ᠭᠤᠷᠪᠠ ᠳᠤ ︽ᠠᠮᠤᠷ ᠲᠥᠪᠰᠢᠨ ᠠᠮᠤ ᠲᠤᠰᠤ ᠶᠢᠨ ᠢᠨᠵᠧᠨᠧᠷᠢᠩ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠴᠡᠷᠢᠭ ᠤᠨ ᠬᠠᠩᠭᠠᠯᠭ᠎ᠠ ᠶᠢᠨ ᠦᠢᠯᠡᠴᠢᠯᠡᠭᠡᠨ ᠤ ᠬᠢᠷᠢ ᠲᠥᠪᠰᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃  2018 ᠣᠨ ᠪᠣᠯᠬᠤ ᠳᠤ ᠠᠮᠤᠷ ᠲᠥᠪᠰᠢᠨ ᠠᠮᠤ ᠲᠣᠰᠣ ᠶᠢ ᠬᠤᠲᠠ ᠬᠦᠳᠡᠭᠡ ᠳᠤ ᠪᠦᠷᠢᠨ ᠪᠦᠷᠬᠦᠭᠦᠯᠬᠦ ᠬᠡᠷᠡᠭᠲᠡᠢ ᠭᠡᠵᠦ ᠤᠯᠤᠰ ᠠᠴᠠ ᠱᠠᠭᠠᠷᠳᠠᠪᠠ᠃ ᠡᠯ᠎ᠡ ᠭᠠᠵᠠᠷ ᠤᠨ ᠬᠢᠨ ᠡᠨᠡ ᠵᠢᠯ ᠪᠠ ᠢᠷᠡᠬᠦ ᠵᠢᠯ ᠤᠨ ᠠᠵᠢᠯ ᠤᠨ ᠬᠠᠷᠠᠯᠲᠠ ᠪᠠᠨ ᠤᠬᠤᠷᠢᠭᠤᠯᠵᠤ᠂ 2018 ᠣᠨ ᠤ ᠳᠡᠭᠡᠷ᠎ᠡ ᠬᠠᠭᠠᠰ ᠵᠢᠯ ᠪᠣᠯᠬᠤ ᠳᠤ ᠬᠠᠷᠠᠯᠲᠠ ᠶᠢᠨ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠶ᠃      ᠭᠤᠷᠪᠠᠳᠤᠭᠠᠷ ᠲᠤ᠂ ᠠᠮᠤ ᠪᠤᠳᠠᠭ᠎ᠠ ᠬᠤᠷᠢᠶᠠᠵᠤ ᠬᠠᠳᠠᠭᠠᠯᠠᠨ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢᠨ ᠰᠠᠭᠤᠷᠢ ᠶᠢ ᠪᠠᠲᠤᠳᠬᠠᠭᠰᠠᠨ ᠰᠠᠭᠤᠷᠢᠨ ᠳᠡᠭᠡᠷ᠎ᠡ᠂ ︽ᠠᠮᠤ ᠪᠤᠳᠠᠭᠠᠨ ᠤ ᠠᠮᠤᠷ ᠲᠦᠪᠰᠢᠨ ᠤ ᠢᠨᠵᠧᠨᠧᠷᠢᠩ︾  ᠤᠨ ᠪᠥᠳᠥᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠬᠤ ᠬᠡᠷᠡᠭᠲᠡᠢ᠃      ᠳᠥᠷᠪᠡᠳᠦᠭᠡᠷ ᠲᠤ᠂ ᠠᠮᠤ ᠪᠤᠳᠠᠭᠠᠨ ᠤ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠶ ᠶᠢ ᠪᠦᠬᠦ ᠲᠠᠯ᠎ᠠ ᠪᠠᠷ ᠪᠠᠶᠢᠷᠢᠯᠠᠭᠤᠯᠬᠤ ᠬᠡᠷᠡᠭᠲᠡᠢ᠃ ᠨᠢᠭᠡ ᠳᠤ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ  ᠰᠠᠶᠢᠲᠤᠷ ᠲᠥᠯᠥᠪᠵᠢᠭᠦᠯᠬᠦ ᠬᠡᠷᠡᠭᠲᠡᠢ᠃ ᠬᠤᠶᠠᠷ ᠲᠤ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠶ ᠶᠢᠨ ᠬᠥᠭᠵᠢᠯᠲᠡ  ᠶᠢ ᠪᠦᠬᠦ ᠬᠦᠴᠦ ᠪᠠᠷ ᠠᠬᠢᠭᠤᠯᠬᠤ ᠬᠡᠷᠡᠭᠲᠡᠢ᠃ ᠭᠤᠷᠪᠠ ᠳᠤ ᠠᠮᠤ ᠪᠤᠳᠠᠭᠠᠨ ᠤ  ᠭᠦᠢᠯᠭᠡᠭᠡᠨ ᠤ ᠬᠦᠷᠢᠶᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠢ ᠲᠦᠯᠬᠢᠨ ᠠᠬᠢᠭᠤᠯᠬᠤ ᠬᠡᠷᠡᠭᠲᠡᠶ᠃      ᠲᠠᠪᠤᠳᠤᠭᠠᠷ ᠲᠤ᠂ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠬᠢᠨᠠᠨ ᠰᠢᠯᠭᠠᠬᠤ ᠶᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠶ᠃      ᠵᠢᠷᠭᠤᠳᠤᠭᠠᠷ ᠲᠤ᠂ ︽ᠴᠢᠩᠭ᠎ᠠ︾ ︽ᠪᠣᠳᠠᠲᠠᠶ︾ ᠪᠥᠭᠡᠳ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠠᠮᠤ ᠪᠤᠳᠠᠭᠠᠨ ᠤ ᠠᠵᠢᠯ ᠤᠨ ᠡᠩᠨᠡᠭᠡ ᠶᠢ ᠴᠣᠭᠴᠠᠯᠠᠭᠰᠠᠨ ᠰᠠᠭᠤᠷᠢᠨ ᠳᠡᠭᠡᠷ᠎ᠡ᠂ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠡᠯ᠎ᠡ ᠠᠶᠢᠮᠠᠭ ᠬᠤᠳᠠ᠂ ᠠᠰ ᠲᠠᠭᠠᠨ ᠲᠥᠯᠥᠪᠯᠡᠭᠡ ᠲᠠᠢ ᠬᠤᠳᠠ ᠶᠢᠨ ᠠᠮᠤ ᠪᠤᠳᠠᠭᠠᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠠᠶᠢᠮᠠᠭ ᠤᠨ ᠳᠡᠳ᠋ ᠳᠠᠷᠤᠭ᠎ᠠ᠂ ᠠᠮᠤ ᠪᠤᠳᠠᠭᠠᠨ ᠤ ᠲᠣᠪᠴᠢᠶ᠎ᠠ ᠶᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠢ ᠠᠶᠢᠮᠠᠭ ᠬᠤᠳᠠ ᠶᠢᠨ ᠳᠠᠷᠤᠭ᠎ᠠ ᠬᠠᠷᠢᠭᠤᠴᠠᠬᠤ ᠬᠢᠨᠠᠨ ᠰᠢᠯᠭᠠᠯᠲᠠ ᠶᠢᠨ ᠠᠵᠢᠯ ᠤᠨ ᠳᠤᠭᠤᠶᠢᠯᠠᠩ ᠤᠨ ᠪᠦᠷᠢᠯᠳᠦᠬᠦᠨ ᠨᠢᠭᠡᠴᠡ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠶᠢᠨ ᠬᠠᠷᠢᠭᠤᠴᠠᠯᠭᠠᠲᠠᠨ ᠵᠢᠴᠢ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠲᠣᠪᠴᠢᠶ᠎ᠠ ᠶᠢᠨ ᠪᠠᠶᠢᠭᠤᠯᠭ᠎ᠠ ᠭᠠᠵᠠᠷ ᠭᠡᠷ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号