3 ᠳ᠋ᠤᠭᠠᠷ ᠰᠠᠷ᠎ᠠ ᠶᠢᠨ 1 ᠤ ᠡᠳᠦᠷ᠂ ᠪᠦᠬᠦ ᠣᠷᠣᠨ ᠤ ᠲᠠᠷᠢᠮᠠᠯ ᠤᠨ ᠦᠢᠯᠡᠰ ᠤᠨ ᠠᠵᠢᠯ ᠤᠨ ᠬᠤᠷᠠᠯ | ᠬᠥᠬᠡᠬᠤᠲᠠ ᠳᠤ ᠬᠤᠷᠠᠯᠳᠤᠵᠤ᠂ ᠬᠤᠷᠠᠯ ᠳᠡᠭᠡᠷ᠎ᠡ ᠲᠢᠩᠬᠢᠮ ᠤᠨ ᠬᠠᠷᠢᠶ᠎ᠠ ᠲᠠᠷᠢᠮᠠᠯ ᠤᠨ ᠦᠢᠯᠡᠰ ᠤᠨ ᠲᠤᠯᠤᠭᠠᠨ | ᠨᠢᠭᠡᠴᠡ ᠠᠴᠠ 2016 ᠣᠨ ᠤ ᠠᠵᠢᠯ ᠤᠨ ᠭᠤᠣᠯᠳᠠᠯᠭ᠎ᠠ ᠪᠠᠨ ᠮᠡᠳᠡᠭᠳᠡᠵᠤ᠂ ᠠᠷᠪᠠᠨ ᠬᠤᠶᠠᠷ ᠠᠶᠢᠮᠠᠭ ᠬᠤᠳᠠ | 2015 ᠣᠨ ᠤ ᠠᠵᠢᠯ ᠤᠨ ᠭᠢᠯᠠᠰ ᠴᠢᠭ᠋ ᠪᠤᠯᠤᠨ 2016 ᠣᠨ ᠤ ᠠᠵᠢᠯ ᠤᠨ ᠭᠤᠣᠯᠳᠠᠯᠭ᠎ᠠ ᠪᠠᠨ ᠰᠣᠯᠢᠯᠴᠠᠵᠤ᠂ | ᠲᠢᠩᠬᠢᠮ ᠤᠨ ᠳᠡᠳ᠋ ᠳᠠᠷᠤᠭ᠎ᠠ ᠵᠢᠶᠠ ᠶᠤᠸᠠᠢ ᠹᠸᠡᠭ ᠴᠢᠬᠤᠯᠠ ᠶᠠᠷᠢᠶ᠎ᠠ ᠲᠠᠯᠪᠢᠵᠠᠶ᠃ | ᠵᠢᠶᠠᠨ ᠶᠤᠸᠠᠢ ᠹᠸᠡᠭ ᠵᠢᠭᠠᠵᠤ ᠭᠠᠷᠭᠠᠭᠰᠠᠨ ᠨᠢ᠂ ︽12·5︾ ᠶᠢᠨ ᠲᠦᠯᠦᠪᠵᠢᠬᠦᠯᠭᠡ ᠠᠴᠠ ᠨᠠᠰᠢ | ᠮᠠᠨ ᠤ ᠣᠷᠣᠨ ᠤ ᠲᠠᠷᠢᠮᠠᠯ ᠤᠨ ᠦᠢᠯᠡᠰ ᠤᠨ ᠠᠵᠢᠯ ᠳᠣᠪᠤᠶᠢᠮ᠎ᠠ ᠠᠮᠵᠢᠯᠲᠠ ᠤᠯᠵᠤ᠂ ᠠᠮᠤ ᠪᠤᠳᠠᠭᠠᠨ ᠤ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠤ᠂ ᠪᠤᠬᠢᠷᠳᠦᠯ ᠦᠭᠡᠢ ᠥᠨᠳᠥᠷ | ᠪᠦᠲᠦᠮᠵᠢᠲᠡᠶ ᠬᠦᠭᠵᠢᠬᠦᠯᠬᠦ ᠤᠨᠤᠯᠵᠢᠬᠤᠨ ᠢ ᠯᠠᠪᠳᠠᠭᠤᠨ ᠢᠶᠠᠷ ᠶᠠᠪᠤᠭᠳᠠᠭᠤᠯᠵᠤ᠂ ᠲᠠᠷᠢᠶᠠᠯᠠᠩ ᠤᠨ ᠳᠠᠭᠠᠳᠬᠠᠯ ᠤᠨ | ᠪᠠᠲᠤᠯᠠᠭ᠎ᠠ ᠶᠢᠨ ᠬᠢᠷᠢ ᠲᠦᠪᠰᠢᠨ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠮᠡᠷᠭᠡᠵᠢᠯ ᠤᠨ ᠰᠢᠨ᠎ᠡ ᠶᠢ ᠡᠭᠦᠳᠬᠦ | ᠲᠤᠯᠭᠠᠭᠤᠷᠢᠯᠠᠬᠤ ᠬᠦᠴᠦᠨ ᠢᠯᠡᠳᠲᠡ ᠴᠢᠩᠭᠠᠷᠠᠵᠤ᠂ ᠣᠳᠣ ᠦᠶ᠎ᠡ ᠶᠢᠨ ᠲᠠᠷᠢᠮᠠᠯ ᠤᠨ ᠦᠢᠯᠡᠰ ᠤᠨ ᠰᠢᠰᠲ᠋ᠧᠮᠵᠢ ᠶᠢ | ᠠᠩᠬ᠎ᠠ ᠠᠯᠬᠤᠮ ᠪᠠᠶᠢᠭᠤᠯᠵᠤ᠂ ᠣᠨᠴᠠᠯᠢᠭ ᠪᠦᠬᠦᠢ ᠠᠵᠤ ᠦᠢᠯᠡᠰ ᠤᠨ ᠣᠷᠣᠯᠭ᠎ᠠ ᠨᠡᠮᠡᠭᠳᠡᠭᠦᠯᠬᠦ ᠬᠤᠪᠢ ᠨᠡᠮᠡᠷᠢ | ᠡᠳᠦᠷ ᠢᠷᠡᠬᠦᠶ᠎ᠡ ᠢᠯᠡᠷᠭᠡᠢ ᠪᠤᠯᠵᠤ ᠪᠠᠶᠢᠨ᠎ᠠ᠃ ᠣᠳᠣᠬᠠᠨ ᠤ ᠲᠠᠷᠢᠮᠠᠯ ᠤᠨ ᠦᠢᠯᠡᠰ ᠤᠨ ᠦᠢᠯᠡᠳᠪᠦᠷᠢᠯᠡᠯ ᠤᠨ | ᠬᠢᠵᠠᠭᠠᠷᠯᠠᠯ ᠨᠡᠩ ᠴᠢᠩᠭᠠᠷᠠᠬᠤ᠂ ᠦᠢᠯᠡᠳᠪᠦᠷᠢᠯᠡᠯ ᠤᠨ ᠠᠷᠭ᠎ᠠ ᠮᠠᠶ᠋ᠢᠭ ᠮᠥᠨ ᠬᠤᠴᠣᠷᠤᠩᠭᠤᠶ ᠪᠠᠶᠢᠬᠤ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠳᠤ ᠮᠥᠨ ᠬᠦᠴᠢᠷᠳᠡᠵᠤ ᠪᠠᠶᠢᠬᠤ᠂ ᠪᠦᠲᠦᠴᠡ ᠶᠢᠨ ᠵᠥᠷᠢᠴᠡᠯ ᠡᠳᠦᠷ | ᠢᠷᠡᠬᠦᠶ᠎ᠡ ᠲᠤᠪᠤᠶᠢᠮ᠎ᠠ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠮᠠᠨ ᠤ ᠣᠷᠣᠨ ᠤ ᠣᠳᠣᠬᠠᠨ ᠤ ᠪᠠ | ᠬᠤᠶᠢᠰᠢᠳᠠ ᠶᠢᠨ ᠨᠢᠬᠡᠨ ᠬᠤᠭᠤᠴᠠᠭᠠᠨ ᠤ ᠲᠠᠷᠢᠮᠠᠯ ᠤᠨ ᠦᠢᠯᠡᠰ ᠤᠨ ᠠᠵᠢᠯ ᠤᠨ ᠶᠡᠷᠦᠩᠬᠡᠶ ᠰᠡᠳᠬᠢᠮᠵᠢ ᠪᠣᠯ᠄ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠲᠠᠷᠢᠶᠠᠯᠠᠩ ᠤᠨ ᠬᠦᠭᠵᠢᠯᠲᠠ ᠶᠢᠨ ᠬᠤᠯᠪᠣᠭᠳᠠᠯ ᠪᠦᠬᠦᠢ ᠰᠢᠢᠳᠪᠦᠷᠢᠲᠦ | ᠪᠤᠲᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ᠂ | ᠵᠣᠬᠢᠴᠠᠭᠤᠯᠬᠤ᠂ ᠪᠤᠬᠢᠷᠳᠦᠯ ᠦᠭᠡᠢ᠂ ᠴᠢᠯᠥᠭᠡᠲᠡᠶ ᠶᠠᠪᠤᠯᠴᠠᠬᠤ᠂ ᠬᠠᠮᠲᠤ ᠪᠠᠷ ᠡᠳ᠋ᠯᠡᠬᠦ ᠬᠥᠭᠵᠢᠭᠦᠯᠬᠦ | ᠣᠨᠣᠯᠵᠢᠬᠤᠨ ᠢᠶᠠᠷ ᠶᠡᠷᠦᠩᠭᠡᠢ ᠵᠢᠯᠤᠭᠤᠳᠤᠯᠭ᠎ᠠ ᠪᠤᠯᠭᠠᠨ᠂ ︽ᠠᠷᠭ᠎ᠠ ᠮᠠᠶ᠋ᠢᠭ ᠢ ᠬᠤᠪᠢᠷᠠᠭᠤᠯᠬᠤ᠂ ᠪᠦᠲᠦᠴᠡ ᠶᠢ | ᠲᠣᠬᠢᠷᠠᠭᠤᠯᠬᠤ︾ ᠬᠤᠶᠠᠷ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠬᠥᠳᠡᠭᠡ ᠲᠣᠰᠬᠤᠨ ᠤ ᠬᠥᠭᠵᠢᠯᠲᠡ | ᠳᠠᠬᠢ ᠲᠠᠷᠢᠶᠠᠯᠠᠩ ᠤᠨ ᠳᠠᠪᠠᠭᠤᠯᠢᠭ ᠢ ᠪᠠᠳᠠᠷᠠᠭᠤᠯᠵᠤ᠂ ᠰᠢᠨ᠎ᠡ ᠶᠢ ᠡᠭᠦᠳᠬᠦ ᠪᠠᠷ ᠭᠦᠳᠡᠯᠭᠡᠭᠦᠷ ᠪᠤᠯᠭᠠᠬᠤ ᠡᠷᠴᠢᠮ ᠢ | ᠴᠢᠩᠭᠠᠷᠠᠭᠤᠯᠵᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠲᠥᠯᠬᠢᠨ ᠠᠬᠢᠭᠤᠯᠵᠤ᠂ ︽ᠲᠠᠪᠤᠨ ᠬᠤᠪᠢᠷᠠᠯᠲᠠ︾ ᠶᠢ ᠴᠢᠷᠮᠠᠶᠢᠨ ᠪᠡᠶᠡᠯᠡᠭᠦᠯᠦᠨ᠎ᠡ᠄ ᠠᠮᠤ ᠪᠤᠳᠠᠭᠠᠨ ᠤ | ᠦᠢᠯᠡᠳᠪᠦᠷᠢᠯᠡᠯ ᠤᠨ ᠭᠤᠣᠯᠳᠠᠯᠭ᠎ᠠ ᠪᠠᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠡᠰᠢ | ᠬᠤᠪᠢᠷᠠᠭᠤᠯᠵᠤ᠂ ᠪᠦᠲᠦᠴᠡ ᠶᠢᠨ ᠳᠤᠬᠢᠷᠠᠭᠤᠯᠤᠯᠳᠠ ᠶᠢᠨ ᠭᠤᠤᠯᠳᠠᠯᠭ᠎ᠠ ᠪᠠᠨ ᠳᠠᠪᠠᠭᠤᠯᠢᠭ ᠲᠠᠷᠢᠮᠠᠯ ᠲᠡᠰᠢ | ᠬᠤᠪᠢᠷᠠᠭᠤᠯᠵᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠭᠤᠣᠯᠳᠠᠯᠭ᠎ᠠ ᠪᠠᠨ ᠪᠣᠬᠢᠷᠲᠤᠯ ᠦᠭᠡᠢ ᠥᠨᠳᠥᠷ | ᠪᠦᠲᠦᠮᠵᠢᠲᠡᠶ ᠪᠠᠶᠢᠬᠤ ᠲᠡᠰᠢ ᠬᠤᠪᠢᠷᠠᠭᠤᠯᠵᠤ᠂ ᠮᠡᠷᠭᠡᠵᠢᠯ ᠤᠨ ᠦᠢᠯᠡᠴᠢᠯᠡᠭᠡᠨ ᠤ ᠭᠤᠣᠯᠳᠠᠯᠭ᠎ᠠ ᠪᠠᠨ ᠰᠢᠨ᠎ᠡ | ᠮᠠᠶ᠋ᠢᠭ ᠤᠨ ᠪᠡᠶᠡᠴᠢ ᠴᠣᠭᠴᠠ ᠲᠡᠰᠢ ᠬᠤᠪᠢᠷᠠᠭᠤᠯᠵᠤ᠂ ᠲᠠᠷᠢᠶᠠᠯᠠᠩ ᠤᠨ ᠣᠷᠣᠯᠭ᠎ᠠ ᠶᠢ ᠨᠡᠮᠡᠭᠳᠡᠭᠦᠯᠬᠦ ᠭᠤᠣᠯᠳᠠᠯᠭ᠎ᠠ | ᠪᠠᠨ ᠦᠷᠲᠡᠭ ᠢ ᠠᠷᠪᠢᠯᠠᠨ ᠴᠢᠨᠠᠷ ᠢ ᠴᠢᠬᠤᠯᠠᠴᠢᠯᠠᠬᠤ ᠲᠡᠰᠢ ᠬᠤᠪᠢᠷᠠᠭᠤᠯᠬᠤ ᠪᠤᠯᠤᠨ᠎ᠠ᠃ ᠡᠨᠡ ᠵᠢᠯ ᠤᠨ ᠪᠥᠬᠦ | ᠣᠷᠣᠨ ᠤ ᠲᠠᠷᠢᠮᠠᠯ ᠤᠨ ᠦᠢᠯᠡᠰ ᠤᠨ ᠶᠡᠷᠦᠩᠬᠡᠶ ᠬᠠᠷᠠᠯᠲᠠ ᠪᠣᠯ᠄ ᠲᠠᠷᠢᠮᠠᠯ ᠲᠠᠷᠢᠬᠤ ᠲᠠᠯᠠᠪᠠᠢ ᠶᠢ 1 ᠳ᠋ᠦᠩᠰᠢᠭᠤᠷ | ᠮᠤ᠋ ᠠᠴᠠ ᠳᠡᠭᠡᠭᠰᠢ ᠪᠠᠶᠢᠯᠭᠠᠵᠤ᠂ ᠠᠮᠤ ᠪᠤᠳᠠᠭ᠎ᠠ ᠲᠡᠷᠢᠬᠤ ᠲᠠᠯᠠᠪᠠᠢ ᠶᠢ 8000 ᠲᠦᠮᠡᠨ ᠮᠦ ᠣᠷᠴᠢᠮ ᠪᠠᠶᠢᠯᠭᠠᠵᠤ᠂ | ᠬᠦᠨᠳᠦ ᠶᠡᠭᠡ ᠪᠠᠶᠢᠭᠠᠯᠢ ᠶᠢᠨ ᠭᠠᠮᠰᠢᠭ ᠡᠭᠦᠰᠬᠦ ᠦᠭᠡᠢ ᠪᠠᠶᠢᠳᠠᠯ ᠳᠣᠣᠷ᠎ᠠ᠂ ᠠᠮᠤ ᠪᠤᠳᠠᠭᠠᠨ ᠤ ᠬᠤᠷᠢᠶᠠᠯᠲᠠ ᠶᠢ | 550 ᠳ᠋ᠦᠡᠭᠰᠢᠭᠤᠷ ᠵᠢᠩ ᠠᠴᠠ ᠳᠡᠭᠡᠭᠰᠢ ᠲᠣᠭᠲᠠᠭᠤᠨ ᠪᠠᠶᠢᠯᠭᠠᠨ᠎ᠠ᠃ ᠡᠨᠡ ᠵᠢᠯ ᠪᠤᠯᠤᠨ ᠬᠤᠶᠢᠰᠢᠳᠠ ᠶᠢᠨ ᠨᠢᠭᠡ | ᠬᠤᠭᠤᠴᠠᠭᠠᠨ ᠳᠤ ᠬᠤᠶᠠᠷ ᠶᠡᠭᠡ ᠡᠭᠦᠷᠭᠡ ᠶᠢ ᠭᠤᠣᠯᠳᠠᠯᠭ᠎ᠠ ᠲᠠᠢ ᠰᠠᠶᠢᠲᠤᠷ ᠪᠡᠶᠡᠯᠡᠭᠦᠯᠦᠨ᠎ᠡ᠄ ᠨᠢᠭᠡ ᠳᠤ ᠠᠷᠭ᠎ᠠ | ᠮᠠᠶ᠋ᠢᠭ ᠢᠶᠠᠨ ᠬᠤᠪᠢᠷᠠᠭᠤᠯᠵᠤ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ | ᠠᠮᠤ ᠪᠤᠳᠠᠭᠠᠨ ᠤ ᠦᠢᠯᠡᠳᠪᠦᠷᠢᠯᠡᠯ ᠢ ᠲᠤᠭᠲᠠᠪᠤᠷᠢᠵᠢᠭᠤᠯᠵᠤ ᠭᠠᠷᠤᠯᠲᠠ ᠲᠤᠭᠲᠠᠭᠤᠨ ᠪᠠᠶᠢᠬᠤ ᠶᠢ ᠦᠨᠡᠨ ᠬᠦ | ᠪᠠᠲᠤᠯᠠᠬᠤ︔ ᠦᠷ᠎ᠡ ᠠᠰᠢᠭ ᠢᠶᠠᠨ ᠪᠣᠬᠢᠷᠲᠤᠯ ᠦᠭᠡᠢ ᠪᠠᠷ ᠨᠡᠮᠡᠭᠳᠡᠬᠦᠯᠬᠦ ᠶᠢ ᠥᠷᠨᠢᠭᠦᠯᠵᠦ᠂ ᠪᠤᠷᠳᠤᠭᠤᠷ ᠢ | ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠤᠤᠷ ᠬᠦᠨᠦᠭᠡᠯ ᠢ ᠪᠠᠭᠠᠰᠬᠠᠬᠤ᠂ ᠤᠰᠤ ᠶᠢ | ᠬᠢᠵᠠᠭᠠᠷᠯᠠᠨ ᠬᠤᠷᠣᠭᠳᠠᠯ ᠢ ᠪᠠᠭᠠᠰᠬᠠᠬᠤ᠂ ᠬᠠᠯᠢᠰᠤᠯᠢᠭ ᠪᠦᠷᠭᠦᠪᠴᠢ ᠶᠢ ᠬᠢᠵᠠᠭᠠᠷᠯᠠᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ︽ᠳᠥᠷᠪᠡᠨ ᠶᠡᠭᠡ ᠠᠵᠢᠯᠯᠠᠭ᠎ᠠ︾ ᠶᠢ ᠦᠷᠨᠢᠬᠦᠯᠬᠦ︔ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠤᠯᠭᠠᠵᠤ᠂ ︽ᠠᠮᠤ ᠪᠤᠳᠠᠭ᠎ᠠ ᠶᠢ ᠮᠡᠷᠭᠡᠵᠢᠯ ᠢᠶᠠᠷ ᠬᠦᠮᠦᠷᠭᠡᠯᠡᠬᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ︔ | ᠬᠡᠪᠴᠢᠶᠡᠵᠢᠭᠰᠡᠨ ᠡᠵᠡᠩᠨᠡᠯᠲᠡ ᠶᠢ ᠪᠡᠶᠡᠯᠡᠭᠦᠯᠵᠤ᠂ ᠲᠠᠷᠢᠶᠠᠯᠠᠩ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ︔ | ᠬᠥᠳᠡᠭᠡ ᠠᠵᠤ ᠠᠬᠤᠶ ᠶᠢᠨ ᠪᠠᠲᠤᠯᠠᠭ᠎ᠠ ᠶᠢ ᠴᠢᠩᠭᠠᠳᠬᠠᠵᠤ᠂ ᠲᠠᠷᠢᠶᠠᠯᠠᠩ ᠤᠨ ᠤᠷᠢᠳᠴᠢᠯᠠᠨ ᠰᠡᠷᠭᠡᠶᠢᠯᠡᠬᠦ ᠪᠠ | ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠶᠢ ᠰᠠᠶᠢᠲᠤᠷ ᠬᠢᠨ᠎ᠡ᠃ ᠬᠤᠶᠠᠷ ᠲᠤ ᠪᠦᠲᠦᠴᠡ ᠶᠢᠨ | ᠲᠤᠭᠢᠷᠡᠭᠤᠯᠤᠯᠳᠡ ᠬᠢᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠬᠦᠨᠵᠡᠭᠡᠶᠢᠷᠡᠭᠦᠯᠦᠨ᠎ᠡ᠃ ᠣᠷᠣᠨ ᠪᠦᠰᠡ ᠯᠤᠭ᠎ᠠ ᠵᠤᠬᠢᠴᠠᠭᠤᠯᠵᠤ᠂ ᠪᠠᠶᠢᠭᠠᠯᠢ᠂ ᠣᠷᠴᠢᠨ ᠲᠤᠭᠤᠷᠢᠨ᠂ ᠡᠬᠢ | ᠪᠠᠶᠠᠯᠢᠭ ᠵᠡᠷᠭᠡ ᠲᠥᠷᠥᠯᠬᠢ ᠳᠠᠪᠠᠭᠤᠯᠢᠭ ᠲᠠᠢ ᠡᠶᠡᠳᠡᠨ ᠵᠤᠬᠢᠴᠠᠵᠤ᠂ ᠲᠠᠷᠢᠮᠠᠯ ᠤᠨ ᠦᠢᠯᠡᠰ ᠤᠨ ᠳᠠᠪᠠᠭᠤᠯᠢᠭ | ᠣᠷᠣᠨ ᠪᠦᠰᠡ ᠶᠢᠨ ᠪᠠᠶᠢᠷᠢᠰᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠬᠤ︔ ᠲᠦᠷᠦᠯ ᠵᠦᠢᠯ ᠢ | ᠵᠤᠬᠢᠴᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ ᠲᠠᠷᠢᠮᠠᠯ ᠤᠨ ᠲᠦᠷᠦᠯ ᠢ ᠲᠤᠬᠢᠷᠠᠭᠤᠯᠬᠤ︔ | ᠤᠬᠢ ᠪᠦᠲᠦᠭᠡᠭᠳᠡᠭᠦᠨ ᠢ ᠲᠤᠬᠢᠷᠠᠭᠤᠯᠵᠤ᠂ ᠣᠨᠴᠠᠯᠢᠭ ᠪᠦᠬᠦᠢ ᠵᠠᠮ ᠢᠶᠠᠷ ᠵᠠᠮᠨᠠᠵᠤ᠂ ᠪᠣᠬᠢᠷᠲᠤᠯ ᠥᠭᠡᠢ | ᠲᠡᠮᠳᠡᠭᠲᠦ ᠶᠢ ᠡᠭᠦᠳᠴᠦ᠂ ᠶᠠᠰᠤ ᠴᠢᠨᠠᠷ ᠢᠶᠠᠷ ᠢᠯᠠᠬᠤ︔ ᠴᠢᠳᠠᠮᠵᠢ ᠶᠢᠨ ᠰᠡᠯᠭᠦᠬᠦ ᠴᠢᠳᠠᠪᠤᠷᠢ ᠶᠢ ᠲᠤᠬᠢᠷᠠᠭᠤᠯᠵᠤ᠂ | ᠲᠠᠷᠢᠶᠠᠯᠠᠩ ᠮᠠᠯ ᠠᠵᠤ ᠠᠬᠤᠶ ᠶᠢᠨ ᠤᠯᠡᠠ ᠬᠡᠷᠡᠭᠴᠡᠭᠡᠲᠦ ᠴᠢᠨᠠᠷ ᠢ ᠪᠠᠳᠠᠷᠠᠭᠤᠯᠬᠤ︔ ᠬᠡᠯᠬᠢᠶ᠎ᠡ ᠪᠠᠨ ᠰᠤᠩᠭᠠᠭᠠᠵᠤ᠂ | ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠭ᠎ᠠ ᠶᠢ ᠲᠦᠯᠬᠢᠨ ᠠᠬᠢᠭᠤᠯᠬᠤ ᠳᠤ ᠤᠷᠤᠰᠢᠨ᠎ᠠ | ᠬᠡᠪᠡ᠃ | ᠵᠢᠶᠠ ᠶᠤᠸᠠᠢ ᠹᠸᠡᠭ ᠴᠢᠬᠤᠯᠠᠴᠢᠯᠠᠭᠰᠠᠨ ᠨᠢ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ | ᠣᠨᠣᠪᠴᠢᠲᠠᠶ ᠡᠵᠡᠮᠳᠡᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠪᠦᠲᠦᠴᠡ ᠶᠢᠨ ᠲᠤᠬᠢᠷᠠᠭᠤᠯᠤᠯᠳᠠ | ᠳᠠᠬᠢ ᠲᠦᠷᠦ ᠶᠢᠨ ᠪᠤᠳᠤᠯᠭ᠎ᠠ ᠪᠤᠯᠤᠨ ᠤᠬᠠᠭᠤᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠬᠤ | ᠬᠡᠷᠡᠭᠲᠡᠶ᠃ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠴᠢᠩᠭᠠᠳᠬᠠᠵᠤ᠂ | ᠵᠢᠱᠢᠶ᠎ᠡ ᠦᠵᠡᠭᠦᠯᠵᠤ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠡᠯ᠎ᠡ ᠱᠠᠲᠤᠨ ᠤ ᠵᠢᠱᠢᠶ᠎ᠡ | ᠦᠵᠡᠭᠦᠯᠬᠦ ᠬᠥᠲᠥᠯᠥᠨ ᠵᠢᠯᠤᠭᠤᠳᠬᠤ ᠲᠥᠷᠥᠯ ᠵᠦᠢᠯ᠂ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠳᠤ ᠨᠥᠬᠦᠪᠥᠷᠢ | ᠥᠭᠬᠦ ᠲᠥᠷᠥᠯ ᠵᠦᠢᠯ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠲᠦᠷᠦᠯ ᠵᠦᠢᠯ ᠢ ᠰᠠᠶᠢᠲᠤᠷ ᠦᠷᠨᠢᠬᠦᠯᠬᠦ | ᠬᠡᠷᠡᠭᠲᠠᠢ᠃ ᠠᠵᠢᠯ ᠤᠨ ᠭᠤᠣᠯᠳᠠᠯᠭ᠎ᠠ ᠶᠢ ᠠᠳᠬᠤᠵᠤ᠂ ᠡᠷᠳᠡᠨᠢ ᠰᠢᠰᠢ ᠶᠢᠨ ᠳᠠᠷᠢᠬᠤ ᠪᠦᠲᠦᠴᠡ ᠶᠢ ᠲᠣᠬᠢᠷᠠᠭᠤᠯᠤᠨ | ᠰᠢᠯᠢᠳᠡᠭᠵᠢᠬᠦᠯᠵᠤ᠂ ᠳᠡᠭᠡᠭᠰᠢᠯᠡᠭᠦᠯᠬᠦ ᠬᠠᠰᠤᠬᠤ ᠬᠤᠪᠢᠷᠠᠭᠤᠯᠬᠤ ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠵᠢᠭᠦᠯᠦᠨ᠂ ᠪᠦᠲᠦᠴᠡ ᠶᠢᠨ ᠲᠤᠬᠢᠷᠠᠭᠤᠯᠤᠯᠳᠠ ᠶᠢ ᠲᠦᠯᠬᠢᠨ ᠠᠬᠢᠭᠤᠯᠬᠤ ᠬᠡᠷᠡᠭᠲᠡᠶ᠃ ᠠᠵᠢᠯ ᠤᠨ | ᠰᠤᠷᠲᠠᠯ ᠢᠶᠠᠨ ᠦᠨᠡᠨ ᠬᠦ ᠬᠤᠪᠢᠷᠠᠭᠤᠯᠵᠤ᠂ ᠰᠢᠰᠲ᠋ᠧᠮ ᠤᠨ ᠠᠵᠢᠯ ᠤᠨ ᠢᠳᠡᠪᠬᠢᠵᠢᠯ ᠢ ᠳᠠᠶᠢᠴᠢᠯᠠᠬᠤ ᠬᠡᠷᠡᠭᠲᠡᠶ | ᠭᠡᠪᠡ᠃ ᠡᠭᠦᠨ ᠠᠴᠠ ᠭᠠᠳᠠᠨ᠎ᠠ᠂ ᠬᠠᠪᠤᠷ ᠤᠨ ᠲᠠᠷᠢᠮᠡᠯ ᠤᠳᠠᠯ ᠦᠭᠡᠶ ᠡᠬᠢᠯᠡᠬᠦ ᠬᠡᠵᠤ ᠪᠠᠶᠢᠭ᠎ᠠ ᠡᠨᠡᠬᠦ ᠲᠠᠰᠢᠷᠠᠮ | ᠢᠶᠠᠷ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠡᠷᠲᠡᠬᠡᠨ ᠪᠡᠯᠡᠳᠭᠡᠨ ᠰᠠᠶᠢᠲᠤᠷ ᠠᠳᠬᠤᠵᠤ᠂ ᠪᠦᠬᠦ | ᠵᠢᠯ ᠤᠨ ᠲᠠᠷᠢᠶᠠᠯᠠᠩ ᠦᠢᠯᠡᠳᠪᠦᠷᠢᠯᠡᠯ ᠤᠨ ᠰᠠᠭᠤᠷᠢ ᠶᠢ ᠰᠠᠶᠢᠲᠤᠷ ᠲᠠᠯᠪᠢᠬᠤ ᠲᠤᠬᠠᠢ ᠵᠢᠶᠠ ᠶᠤᠸᠠᠢ ᠹᠸᠡᠭ ᠭᠤᠷᠪᠠᠨ | ᠱᠠᠭᠠᠷᠳᠠᠯᠭ᠎ᠠ ᠳᠤᠷᠠᠳᠪᠠ᠄ ᠨᠢᠭᠡ ᠳᠤ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠬᠤ ᠬᠡᠷᠡᠭᠲᠠᠢ︔ ᠬᠤᠶᠠᠷ ᠲᠤ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠢ ᠦᠨᠡᠨ ᠬᠦ | ᠪᠠᠲᠤᠯᠠᠬᠤ ᠬᠡᠷᠡᠭᠲᠡᠶ︔ ᠭᠤᠷᠪᠠ ᠳᠤ ᠲᠠᠷᠢᠶᠠᠯᠠᠩ ᠦᠢᠯᠡᠳᠪᠦᠷᠢᠯᠡᠯ ᠤᠨ ᠪᠠᠶᠢᠳᠠᠯ ᠤᠨ ᠲᠤᠬᠢᠷᠠᠭᠤᠯᠤᠯᠲᠠ ᠶᠢ | ᠴᠢᠩᠭᠠᠳᠬᠠᠬᠤ ᠬᠡᠷᠡᠭᠲᠡᠶ᠃ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠠᠮᠢᠶ᠎ᠠ ᠪᠥᠬᠦᠢ ᠭᠠᠵᠠᠷ ᠭᠡᠷ᠂ ᠲᠢᠩᠬᠢᠮ ᠤᠨ ᠬᠠᠷᠢᠶ᠎ᠠ | ᠲᠠᠷᠢᠮᠠᠯ ᠤᠨ ᠦᠢᠯᠡᠰ ᠤᠨ ᠬᠤᠯᠪᠣᠭᠳᠠᠯ ᠪᠦᠬᠦᠢ ᠨᠢᠭᠡᠴᠡ ᠪᠣᠯᠤᠨ ᠡᠯ᠎ᠡ ᠠᠶᠢᠮᠠᠭ ᠬᠤᠳᠠ ᠶᠢᠨ ᠲᠠᠷᠢᠶᠠᠯᠠᠩ ᠮᠠᠯ | ᠠᠵᠤ ᠠᠬᠤᠶ ᠶᠢᠨ ᠲᠤᠪᠴᠢᠶ᠎ᠠ ᠶᠢᠨ ᠬᠠᠷᠢᠭᠤᠴᠠᠯᠭᠠᠲᠠᠳ ᠬᠤᠷᠠᠯ ᠳᠤ ᠤᠷᠤᠯᠴᠠᠵᠤ᠂ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ ᠤᠨ ᠲᠠᠷᠢᠶᠠᠯᠠᠩ ᠤᠨ ᠶᠡᠷᠦᠩᠬᠡᠶ ᠮᠡᠷᠭᠡᠵᠢᠯᠲᠡᠨ ᠸᠠᠩ ᠢᠦᠢ ᠹᠸᠡᠭ ᠬᠤᠷᠠᠯ ᠡᠷᠭᠢᠯᠡᠪᠡ᠃ |