2 ᠳ᠋ᠤᠭᠠᠷ ᠰᠠᠷ᠎ᠠ ᠶᠢᠨ 28 ᠤ ᠡᠳᠦᠷ᠂ 120 ᠲᠦᠮᠡᠨ ᠲᠣᠨ ᠮᠣᠩᠭᠤᠯ ᠤᠯᠤᠰ ᠤᠨ ᠴᠤᠯᠤ | ᠪᠠᠶᠢᠭᠠᠯᠢ ᠶᠢᠨ ᠪᠡᠯᠴᠢᠭᠡᠷ ᠡᠪᠡᠰᠦ ᠶᠢ ᠲᠡᠭᠡᠭᠡᠭᠰᠡᠨ 5 ᠠᠴᠢᠶᠠᠨ ᠤ ᠮᠠᠰᠢᠨ ᠡᠷᠢᠶᠡᠨ ᠤ ᠵᠠᠰᠠᠮᠠᠯ ᠵᠠᠮ ᠤᠨ | ᠪᠤᠭᠤᠮᠲᠠ ᠪᠠᠷ ᠤᠷᠤᠭᠰᠢᠲᠠᠶ ᠬᠢᠯᠢ ᠳᠤ ᠣᠷᠣᠵᠤ ᠢᠷᠡᠪᠡ᠃ ᠡᠨᠡ ᠨᠢ ᠡᠷᠢᠶᠡᠨ ᠪᠣᠭᠤᠮᠲᠠ ᠮᠣᠩᠭᠤᠯ ᠤᠯᠤᠰ ᠤᠨ | ᠪᠡᠯᠴᠢᠭᠡᠷ ᠡᠪᠡᠰᠦ ᠶᠢ ᠪᠦᠭᠡᠮ ᠢᠶᠠᠷ ᠤᠷᠤᠭᠤᠯᠬᠤ ᠶᠢ ᠪᠡᠶᠡᠯᠡᠭᠦᠯᠦᠭᠰᠡᠨ ᠢ ᠬᠠᠷᠠᠭᠤᠯᠵᠤ᠂ ᠪᠡᠯᠴᠢᠭᠡᠷ ᠡᠪᠡᠰᠦ ᠶᠢ | ᠭᠠᠳᠠᠭᠠᠳᠤ ᠠᠴᠠ ᠣᠷᠣᠭᠤᠯᠬᠤ ᠭᠠᠷᠠᠮ ᠪᠤᠯᠪᠠ᠃ | ᠡᠷᠢᠶᠡᠨ ᠬᠤᠲᠠ ᠮᠣᠩᠭᠤᠯ ᠤᠯᠤᠰ ᠠᠴᠠ ᠪᠡᠯᠴᠢᠭᠡᠷ ᠡᠪᠡᠰᠦ ᠣᠷᠣᠭᠤᠯᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠪᠣᠭᠤᠮᠲᠠ ᠪᠠ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠠᠯᠠᠭ᠎ᠠ | ᠮᠥᠴᠢᠷ ᠤᠨ ᠬᠦᠴᠦᠲᠡᠶ ᠳᠡᠮᠵᠢᠯᠭᠡ ᠳᠣᠣᠷ᠎ᠠ᠂ 2015 ᠣᠨ ᠳᠤ ᠮᠣᠩᠭᠤᠯ ᠤᠯᠤᠰ ᠤᠨ ᠬᠤᠯᠪᠣᠭᠳᠠᠯ ᠪᠦᠭᠦᠢ | ᠰᠠᠯᠠᠭ᠎ᠠ ᠮᠥᠴᠢᠷ ᠯᠤᠭ᠎ᠠ ᠪᠡᠯᠴᠢᠭᠡᠷ ᠡᠪᠡᠰᠦ ᠶᠢ ᠣᠷᠣᠭᠤᠯᠬᠤ ᠲᠤᠬᠠᠶ ᠬᠠᠮᠲᠤ ᠶᠢᠨ ᠲᠠᠨᠢᠯᠲᠠ ᠲᠠᠢ ᠪᠤᠯᠵᠤ᠂ | ᠮᠣᠩᠭᠤᠯ ᠤᠯᠤᠰ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠶᠠᠮᠤᠨ ᠠᠴᠠ ᠴᠤᠬᠤᠯᠠᠪᠤᠷᠢᠯᠠᠨ4 ᠲᠦᠮᠡᠨ ᠲᠣᠨ | ᠪᠡᠯᠴᠢᠭᠡᠷ ᠡᠪᠡᠰᠦ ᠣᠷᠣᠭᠤᠯᠬᠤ ᠬᠠᠷᠢᠭᠤᠯᠤᠭᠰᠠᠨ ᠪᠢᠴᠢᠭ ᠮᠠᠲ᠋ᠧᠷᠢᠶᠠᠯ ᠪᠣᠯᠤᠨ ᠮᠣᠩᠭᠤᠯ ᠤᠯᠤᠰ ᠤᠨ | ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠶᠢᠨ 5000 ᠲᠣᠨ ᠪᠡᠯᠴᠢᠭᠡᠷ | ᠡᠪᠡᠰᠦ ᠶᠢ ᠭᠠᠳᠠᠭᠠᠳᠤ ᠳᠤ ᠭᠠᠷᠭᠠᠬᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠭᠰᠠᠨ ᠦᠨᠡᠮᠯᠡᠯ ᠢ | ᠤᠯᠤᠭᠰᠠᠨ ᠪᠠᠶᠢᠨ᠎ᠠ᠃ ᠣᠳᠣᠬᠠᠨ ᠳᠤ᠂ ᠡᠷᠢᠶᠡᠨ ᠬᠤᠲᠠ ᠶᠢᠨ ᠾᠦᠢ ᠲᠦᠩ ᠤᠯᠠᠨ ᠤᠯᠤᠰ ᠤᠨ ᠪᠠᠷᠠᠭᠠᠨ ᠤ | ᠭᠦᠢᠯᠭᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠮᠤᠩᠭᠤᠯ ᠤᠨ ᠲᠠᠯ᠎ᠠ ᠶᠢᠨ ᠠᠵᠤ ᠠᠬᠤᠶᠢᠯᠠᠯ | ᠭᠠᠳᠠᠭᠠᠳᠤ ᠠᠴᠠ ᠣᠷᠣᠭᠤᠯᠬᠤ ᠬᠡᠯᠡᠯᠴᠡᠭᠡᠷ ᠢ ᠨᠢᠭᠡᠨᠲᠡ ᠲᠤᠭᠲᠠᠵᠤ᠂ ᠮᠣᠩᠭᠤᠯ ᠤᠨ ᠲᠠᠯ᠎ᠠ ᠶᠢᠨ ᠬᠢᠵᠢᠭ | ᠪᠠᠶᠢᠴᠠᠭᠠᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠪᠥᠭᠡᠳ ᠤᠯᠤᠰ ᠤᠨ ᠳᠣᠲᠣᠭᠠᠳᠤ ᠶᠢᠨ ᠪᠡᠯᠴᠢᠭᠡᠷ | ᠡᠪᠡᠰᠦ ᠪᠣᠷᠣᠯᠠᠭᠤᠯᠬᠤ ᠠᠵᠤ ᠠᠬᠤᠶᠢᠯᠠᠯ ᠤᠳ ᠲᠠᠢ ᠪᠠᠷᠠᠭ᠎ᠠ ᠬᠠᠩᠭᠠᠬᠤ ᠬᠡᠯᠡᠯᠴᠡᠭᠡᠷ ᠲᠤᠭᠲᠠᠪᠠ᠃ | ᠡᠷᠢᠶᠡᠨ ᠬᠤᠳᠠ ᠶᠢᠨ ᠪᠠᠶᠢᠭ᠎ᠠ ᠰᠢᠯᠢ ᠶᠢᠨ ᠭᠤᠣᠯ ᠠᠶᠢᠮᠠᠭ ᠵᠢᠴᠢ ᠡᠷᠭᠢᠨ ᠲᠣᠭᠤᠷᠢᠨ ᠤ ᠤᠯᠠᠭᠠᠨᠴᠠᠪ | ᠬᠤᠳᠠ᠂ ᠬᠥᠬᠡᠬᠤᠲᠠ ᠵᠡᠷᠭᠡ ᠪᠣᠯ ᠮᠠᠨ ᠤ ᠤᠯᠤᠰ ᠤᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ | ᠪᠤᠯᠪᠠᠰᠤᠷᠠᠭᠤᠯᠬᠤ ᠴᠢᠬᠤᠯᠠ ᠰᠠᠭᠤᠷᠢᠨ ᠭᠠᠵᠠᠷ ᠪᠤᠯᠤᠨ᠎ᠠ᠂ ᠢᠯᠢ᠂ ᠮᠧᠩ ᠨᠢᠦ ᠵᠡᠷᠭᠡ ᠮᠠᠯ ᠤᠨ ᠠᠰᠢᠭ ᠰᠢᠮ᠎ᠡ ᠶᠢ | ᠦᠢᠯᠡᠳᠪᠦᠷᠢᠯᠡᠬᠦ ᠠᠯᠢ ᠣᠯᠠᠨ ᠲᠣᠮᠣ ᠬᠡᠯᠪᠡᠷᠢ ᠶᠢᠨ ᠠᠵᠤ ᠠᠬᠤᠶᠢᠯᠠᠯ ᠲᠠᠢ ᠪᠤᠯᠬᠤᠷ᠂ ᠲᠡᠵᠢᠭᠡᠯ ᠡᠪᠡᠰᠦᠨ ᠤ | ᠬᠡᠷᠡᠭᠴᠡᠭᠡ ᠲᠤᠩ ᠶᠡᠭᠡ ᠪᠠᠶᠢᠳᠠᠭ᠃ ᠮᠣᠩᠭᠤᠯ ᠤᠯᠤᠰ ᠤᠯᠠᠮᠵᠢᠯᠠᠯᠲᠤ ᠮᠠᠯ ᠠᠵᠤ ᠠᠬᠤᠶ ᠶᠢᠨ ᠲᠤᠮᠤ ᠤᠯᠤᠰ | ᠪᠣᠯᠤᠭᠰᠠᠨ ᠤ ᠬᠤᠪᠢ ᠳᠤ᠂ ᠪᠡᠯᠴᠢᠭᠡᠷ ᠡᠪᠡᠰᠦᠨ ᠤ ᠬᠤᠷᠢᠶᠠᠯᠲᠠ ᠡᠯᠪᠡᠭ ᠳᠡᠯᠪᠡᠭ᠂ ᠮᠤᠩᠭᠤᠯ ᠤᠯᠤᠰ ᠠᠴᠠ | ᠪᠡᠯᠴᠢᠭᠡᠷ ᠡᠪᠡᠰᠦ ᠤᠷᠤᠭᠤᠯᠬᠤ ᠨᠢ ᠤᠯᠤᠰ ᠤᠨ ᠳᠣᠲᠣᠭᠠᠳᠤ ᠶᠢᠨ ᠪᠡᠯᠴᠢᠭᠡᠷ ᠡᠪᠡᠰᠦᠨ ᠤ ᠬᠠᠩᠭᠠᠯᠭ᠎ᠠ ᠤ | ᠳᠠᠷᠤᠯᠲᠠ ᠶᠢ ᠪᠦᠲᠦᠮᠵᠢᠲᠡᠶ ᠨᠠᠮᠳᠠᠭᠤᠯᠵᠤ ᠴᠢᠳᠠᠨ᠎ᠠ᠃ ᠡᠷᠢᠶᠡᠨ ᠪᠣᠭᠤᠮᠲᠠ ᠪᠣᠯ ᠮᠠᠨ ᠤ ᠤᠯᠤᠰ ᠤᠨ ᠮᠣᠩᠭᠤᠯ | ᠤᠯᠤᠰ ᠲᠡᠰᠢ ᠨᠡᠭᠡᠭᠡᠭᠰᠡᠨ ᠬᠠᠮᠤᠭ ᠤᠨ ᠶᠡᠭᠡ ᠪᠤᠭᠤᠮᠲᠠ᠂ ᠮᠣᠩᠭᠤᠯ ᠤᠯᠤᠰ ᠤᠨ ᠪᠡᠯᠴᠢᠭᠡᠷ ᠡᠪᠡᠰᠦᠨ ᠤ ᠭᠤᠣᠯ | ᠭᠠᠷᠤᠯᠲᠠ ᠶᠢᠨ ᠣᠷᠣᠨ ᠠᠴᠠ 600 ᠺᠢᠯᠣᠮᠧᠲᠷ ᠬᠦᠷᠬᠦ ᠦᠭᠡᠢ ᠵᠠᠶᠢᠲᠠᠢ ᠪᠥᠭᠡᠳ ᠡᠨᠡ ᠬᠦ ᠣᠷᠣᠨ ᠪᠦᠰᠡ ᠨᠢ | ᠮᠣᠩᠭᠤᠯ ᠤᠯᠤᠰ ᠤᠨ ᠡᠮᠦᠨᠡᠲᠦ ᠤᠮᠠᠷᠠᠲᠤ ᠶᠢᠨ ᠲᠡᠮᠦᠷ ᠵᠠᠮ ᠪᠠ ᠮᠢᠩᠭᠠᠨ ᠤ ᠵᠠᠰᠠᠮᠠᠯ ᠵᠠᠮ ᠤᠨ ᠡᠷᠬᠢᠨ ᠲᠣᠭᠤᠷᠢᠨ | ᠳᠤ ᠪᠠᠶᠢᠷᠢᠰᠢᠵᠤ᠂ ᠵᠠᠮ ᠲᠡᠭᠡᠭᠡᠪᠦᠷᠢ ᠮᠠᠰᠢ ᠳᠥᠭᠦᠮ ᠪᠤᠯᠬᠤᠷ᠂ ᠡᠷᠢᠶᠡᠨ ᠪᠤᠭᠤᠮᠲᠠ ᠪᠠᠷ ᠮᠣᠩᠭᠤᠯ ᠤᠯᠤᠰ ᠤᠨ | ᠪᠡᠯᠴᠢᠭᠡᠷ ᠡᠪᠡᠰᠦ ᠤᠷᠤᠭᠤᠯᠬᠤ ᠨᠢ ᠣᠷᠣᠨ ᠪᠠᠶᠢᠷᠢ ᠪᠣᠯᠤᠨ ᠪᠣᠭᠤᠮᠲᠠ ᠶᠢᠨ ᠦᠪᠡᠷᠮᠢᠴᠡ ᠳᠠᠪᠠᠭᠤᠯᠢᠭ ᠲᠠᠢ ᠶᠤᠮ᠃ | ᠳᠠᠷᠠᠭᠠᠴᠢ ᠶᠢᠨ ᠠᠯᠬᠤᠮ ᠳᠤ ᠡᠷᠢᠶᠡᠨ ᠬᠤᠲᠠ ᠪᠣᠭᠤᠮᠲᠠ ᠶᠢᠨ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠪᠡᠯᠴᠢᠭᠡᠷ ᠡᠪᠡᠰᠦᠨ ᠤ ᠪᠠᠶᠢᠴᠠᠭᠠᠨ ᠰᠢᠯᠭᠠᠬᠤ ᠪᠠ ᠭᠠᠯ ᠰᠡᠷᠭᠡᠶᠢᠯᠡᠬᠦ ᠵᠡᠷᠭᠡ ᠡᠯ᠎ᠡ ᠵᠦᠢᠯ ᠤᠨ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠢᠳᠡᠪᠬᠢᠲᠡᠶ ᠪᠠᠷ ᠵᠣᠬᠢᠴᠠᠩᠭᠤᠶ ᠠᠷᠭ᠎ᠠ ᠬᠡᠮᠵᠢᠶ᠎ᠡ ᠠᠪᠴᠤ᠂ | ᠤᠷᠢᠳᠴᠢᠯᠠᠨ ᠲᠦᠯᠦᠪᠯᠡᠨ᠂ ᠨᠠᠷᠢᠨ ᠨᠢᠮᠪᠠᠶ ᠪᠠᠶᠢᠷᠢᠯᠠᠭᠤᠯᠵᠤ᠂ ᠪᠡᠯᠴᠢᠭᠡᠷ ᠡᠪᠡᠰᠦ ᠭᠠᠳᠠᠭᠠᠳᠤ ᠠᠴᠠ | ᠣᠷᠣᠭᠤᠯᠬᠤ ᠶᠢ ᠪᠠᠶᠢᠩᠭᠤᠵᠢᠭᠤᠯᠬᠤ ᠳᠤ ᠰᠠᠶᠢᠲᠤᠷ ᠪᠠᠲᠤᠯᠠᠭ᠎ᠠ ᠲᠠᠯᠪᠢᠨ᠎ᠠ᠃ |