ᠠᠯᠠᠱᠠ ᠶᠢᠨ ᠮᠣᠩᠭᠤᠯ ᠦᠨᠳᠦᠰᠦᠲᠡᠨ ᠤ ᠵᠠᠩ ᠦᠢᠯᠡ ᠶᠢᠨ ᠲᠡᠦᠬᠡ ᠶᠢᠨ ᠳᠤᠷᠠᠰᠬᠠᠯᠲᠤ ᠰᠣᠳᠣᠨ ᠪᠦᠲᠦᠭᠡᠯ ᠤᠨ ᠦᠵᠡᠰᠬᠦᠯᠡᠩ ᠶᠦᠨᠨᠠᠨ ᠤ ᠫᠦ ᠡᠯ ᠬᠤᠲᠠ ᠳᠤ ᠬᠦᠷᠪᠡ
ᠨᠡᠶᠢᠲᠡᠯᠡᠭᠰᠡᠨ ᠴᠠᠭ᠄
2016/3/4
     ᠠᠯᠠᠱᠨ ᠶᠢᠨ ᠲᠡᠦᠬᠡ ᠰᠣᠶᠣᠯ ᠦᠨᠳᠦᠰᠦᠲᠡᠨ ᠤ ᠵᠠᠩ ᠦᠢᠯᠡ ᠶᠢ ᠤᠬᠠᠭᠤᠯᠵᠤ᠂ ᠠᠯᠠᠱᠠ ᠶᠢᠨ ᠨᠡᠷ᠎ᠡ ᠠᠯᠳᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠣᠶᠢᠷ᠎ᠠ ᠳᠤ᠂ ᠠᠯᠠᠱᠠ ᠶᠢᠨ ᠮᠦᠽᠧᠶ ᠳᠠᠭᠠᠭᠠᠴᠢᠯᠠᠨ ᠡᠷᠭᠢᠯᠡᠭᠰᠡᠨ ᠰᠣᠯᠢᠯᠴᠠᠭᠠᠨ ᠤ ᠦᠵᠡᠭᠦᠯᠦᠯᠭᠡ ︽ᠠᠯᠠᠱᠠ ᠶᠢᠨ ᠮᠣᠩᠭᠤᠯ ᠦᠨᠳᠦᠰᠦᠲᠡᠨ ᠤ ᠵᠠᠩ ᠦᠢᠯᠡ ᠶᠢᠨ ᠲᠡᠦᠬᠡ ᠶᠢᠨ ᠳᠤᠷᠠᠰᠬᠠᠯᠲᠤ ᠰᠣᠳᠣᠨ ᠪᠦᠲᠦᠭᠡᠯ ᠤᠨ ᠦᠵᠡᠰᠬᠦᠯᠡᠩ︾᠎ ᠢ ᠶᠦᠨᠨᠠᠨ ᠤ ᠺᠦᠨᠮᠢᠩ ᠳᠤ ᠬᠢᠭᠰᠡᠨ ᠤ ᠲᠠᠷᠠᠭ᠎ᠠ᠂ ᠶᠦᠨᠨᠠᠨ ᠤ ᠫᠦ ᠡᠯ ᠬᠤᠲᠠ ᠶᠢᠨ ᠮᠦᠽᠧᠶ ᠳᠤ 1 ᠰᠠᠷ᠎ᠠ ᠳᠡᠯᠭᠡᠨ ᠦᠵᠡᠭᠦᠯᠬᠦ ᠪᠣᠯᠣᠨ᠎ᠠ᠃      ᠠᠯᠠᠱᠠ᠂ ᠬᠠᠨ ᠳᠡᠩᠷᠢ ᠬᠤᠪᠢᠯᠭᠠᠨ ᠣᠷᠣᠨ᠂ ᠶᠡᠭᠡ ᠭᠤᠪᠢ ᠶᠢᠨ ᠲᠡᠮᠡᠭᠡᠨ ᠨᠤᠲᠤᠭ᠂ ᠦᠨᠳᠦᠰᠦᠲᠡᠨ ᠨᠦᠭᠦᠳ ᠤᠨ ᠠᠷᠠᠳ ᠲᠦᠮᠡᠨ ᠤᠷᠳᠤ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠦᠢᠯᠡᠳᠦᠯᠭᠡ ᠳᠤᠮᠳᠠ᠂ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠨ ᠬᠠᠷᠢᠯᠴᠠᠨ ᠨᠥᠯᠥᠭᠡᠯᠡᠵᠦ᠂ ᠡᠯᠪᠡᠭ ᠪᠠᠶᠠᠯᠢᠭ ᠠᠭᠤᠯᠬᠤᠨ ᠲᠠᠢ ᠢᠯᠡ ᠲᠣᠳᠣ ᠦᠨᠳᠦᠰᠦᠲᠡᠨ ᠤ ᠭᠠᠵᠠᠷ ᠣᠷᠣᠨ ᠤ ᠣᠨᠴᠠᠯᠢᠭ ᠲᠠᠢ ᠰᠣᠶᠣᠯ ᠢ ᠪᠦᠲᠦᠭᠡᠨ ᠤᠯᠠᠮᠵᠢᠯᠠᠭᠰᠠᠭᠠᠷ ᠢᠷᠡᠵᠡᠢ᠃ ᠡᠨᠡ ᠤᠳᠠᠭᠠᠨ ᠤ ᠦᠵᠡᠰᠬᠦᠯᠡᠩ ᠳᠤ᠂ ᠠᠯᠠᠱᠠ ᠮᠦᠽᠧᠶ ᠳᠤ ᠬᠠᠳᠠᠭᠠᠯᠠᠭᠳᠠᠵᠤ ᠪᠠᠶᠢᠭ᠎ᠠ ᠲᠡᠦᠬᠡ ᠶᠢᠨ ᠳᠤᠷᠠᠰᠬᠠᠯᠲᠤ 182 ᠰᠣᠳᠣᠨ ᠪᠦᠲᠦᠭᠡᠯ ᠢ ᠰᠣᠩᠭᠤᠵᠤ᠂ ᠠᠯᠠᠱᠠ ᠶᠢᠨ ᠮᠣᠩᠭᠤᠯ ᠦᠨᠳᠦᠰᠦᠲᠡᠨ ᠤ ᠲᠣᠪᠴᠢ ᠲᠠᠨᠢᠯᠴᠠᠭᠤᠯᠭ᠎ᠠ᠂ ᠠᠮᠢᠳᠤᠷᠠᠯ ᠤᠨ ᠵᠠᠩ ᠳᠠᠳᠬᠠᠯ᠂ ᠦᠢᠯᠡᠳᠪᠦᠷᠢᠯᠡᠯ ᠤᠨ ᠵᠠᠩ ᠳᠠᠳᠬᠠᠯ᠂ ᠰᠣᠶᠣᠯ ᠤᠷᠠᠯᠢᠭ᠂ ᠨᠠᠶᠢᠷ ᠨᠠᠭᠠᠳᠤᠮ᠂ ᠱᠠᠰᠢᠨ ᠰᠢᠲᠦᠯᠭᠡ ᠵᠡᠷᠭᠡ 6 ᠬᠡᠰᠡᠭ ᠢᠶᠠᠷ ᠳᠠᠮᠵᠢᠭᠤᠯᠤᠨ᠂ ᠠᠯᠠᠱᠠ ᠶᠢᠨ ᠥᠨᠢ ᠤᠳᠠᠭᠠᠨ ᠲᠡᠦᠬᠡ ᠲᠠᠢ ᠦᠨᠳᠦᠰᠦᠲᠡᠨ ᠤ ᠵᠠᠩ ᠠᠭᠠᠯᠢ ᠶᠢᠨ ᠰᠣᠶᠣᠯ ᠢ ᠪᠦᠬᠦ ᠲᠠᠯ᠎ᠠ ᠪᠠᠷ ᠲᠣᠳᠣᠷᠠᠭᠤᠯᠵᠤ᠂ ᠦᠨᠳᠦᠰᠦᠲᠡᠨ ᠤ ᠥᠪᠡᠷᠮᠢᠴᠡ ᠣᠨᠴᠠᠯᠢᠭ ᠲᠠᠢ᠂ ᠠᠯᠠᠱᠠ ᠶᠢᠨ ᠪᠠᠶᠠᠯᠢᠭ ᠰᠣᠶᠣᠯ ᠢ ᠦᠵᠡᠭᠦᠯᠦᠯᠭᠡ ᠶᠢᠨ ᠲᠢᠩᠬᠢᠮ ᠳᠤ ᠳᠡᠯᠭᠡᠨ ᠫᠦ ᠡᠯ ᠬᠤᠲᠠ ᠶᠢᠨ ᠦᠵᠡᠭᠴᠢᠳ ᠲᠤ ᠭᠦᠨ ᠵᠤᠵᠠᠭᠠᠨ ᠰᠣᠨᠢᠷᠬᠠᠭᠤᠯᠪᠠ᠃       ︽ᠠᠯᠠᠱᠨ ᠶᠢᠨ ᠮᠣᠩᠭᠤᠯ ᠦᠨᠳᠦᠰᠦᠲᠡᠨ ᠤ ᠵᠠᠩ ᠦᠢᠯᠡ ᠶᠢᠨ ᠲᠡᠦᠬᠡ ᠶᠢᠨ ᠳᠤᠷᠠᠰᠬᠠᠯᠲᠤ ᠰᠣᠳᠣᠨ ᠪᠦᠲᠦᠭᠡᠯ ᠤᠨ ᠦᠵᠡᠰᠬᠦᠯᠡᠩ︾᠎ ᠨᠢ ᠠᠯᠠᠱᠠ ᠶᠢᠨ ᠲᠡᠦᠬᠡ ᠰᠣᠶᠣᠯ ᠤᠨ ᠭᠤᠣᠯ ᠴᠢᠮᠥᠭᠡ ᠪᠠ ᠠᠭᠤᠯᠤᠭᠳᠠᠬᠤᠨ ᠢ ᠠᠴᠢᠶᠠᠯᠠᠵᠤ ᠳᠡᠯᠭᠡᠷᠡᠭᠦᠯᠦᠨ ᠤᠯᠠᠮᠵᠢᠯᠠᠬᠤ ᠬᠦᠨᠳᠦ ᠡᠭᠦᠷᠭᠡ ᠶᠢ ᠡᠭᠦᠷᠭᠡᠯᠡᠵᠦ ᠪᠣᠢ᠂ ᠫᠦ ᠡᠯ ᠬᠤᠲᠠ ᠶᠢᠨ ᠦᠵᠡᠰᠬᠦᠯᠡᠩ ᠪᠣᠯ ᠡᠨᠡ ᠤᠳᠠᠭᠠᠨ ᠤ ᠠᠯᠠᠱᠠ ᠶᠢᠨ ᠮᠦᠽᠧᠶ ᠶᠢᠨ ᠰᠣᠯᠢᠯᠴᠠᠭᠠᠨ ᠤ ᠦᠵᠡᠭᠦᠯᠦᠯᠭᠡ ᠶᠢᠨ ᠭᠤᠷᠪᠠᠳᠤᠬᠢ ᠥᠷᠲᠡᠭᠡ ᠪᠣᠯᠬᠤ ᠪᠦᠭᠡᠳ ᠶᠡᠭᠡ ᠠᠮᠵᠢᠯᠲᠠ ᠲᠠᠢ ᠶᠠᠪᠤᠭᠳᠠᠵᠤ᠂ ᠠᠯᠠᠱᠠ ᠶᠢᠨ ᠮᠦᠽᠧᠶ ᠶᠢᠨ ᠭᠠᠳᠠᠭᠰᠢ ᠭᠠᠷᠴᠤ ᠦᠵᠡᠰᠬᠦᠯᠡᠩ ᠡᠷᠬᠢᠯᠡᠬᠦ ᠲᠤᠷᠰᠢᠯᠭ᠎ᠠ ᠪᠣᠯᠤᠨ ᠠᠷᠭ᠎ᠠ ᠬᠡᠯᠪᠡᠷᠢ ᠶᠢ ᠰᠢᠩᠭᠡᠭᠡᠨ ᠲᠣᠯᠢᠳᠠᠬᠤ ᠶᠢ ᠴᠢᠨᠠᠭᠰᠢ ᠠᠬᠢᠭᠤᠯᠵᠤ᠂ ᠮᠦᠽᠧᠶ ᠨᠤᠭᠤᠳ ᠤᠨ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠨ ᠠᠵᠢᠯᠯᠠᠬᠤ ᠶᠢ ᠴᠢᠩᠭᠠᠳᠬᠠᠭᠰᠠᠨ ᠤ ᠬᠠᠮᠲᠤ᠂ ᠠᠯᠠᠱᠠ ᠶᠢᠨ ᠮᠦᠽᠧᠶ ᠴᠦ ᠭᠠᠳᠠᠭᠰᠢ ᠰᠣᠯᠢᠯᠴᠠᠭ᠎ᠠ ᠬᠢᠵᠦ ᠦᠵᠡᠰᠬᠦᠯᠡᠩ ᠡᠷᠬᠢᠯᠡᠬᠦ ᠬᠡᠪ ᠵᠠᠭᠪᠤᠷ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠡᠭᠡᠭᠡᠪᠦᠷᠢ ᠶᠢᠨ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢᠶᠠᠨ ᠲᠡᠭᠦᠯᠳᠡᠷᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠠᠶᠤᠯᠭᠦᠶ ᠪᠠᠶᠢᠬᠤ ᠶᠢ ᠪᠠᠲᠤᠯᠠᠬᠤ ᠵᠡᠷᠭᠡ ᠶᠢ ᠲᠠᠰᠤᠷᠠᠯᠳᠠ ᠦᠭᠡᠢ ᠬᠠᠶᠢᠨ ᠰᠦᠪᠡᠭᠴᠢᠯᠡᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号