2016 ᠣᠨ ᠤ ᠪᠥᠬᠦ ᠣᠷᠣᠨ ᠤ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ︽ᠰᠤᠷᠭᠠᠨ | ᠬᠥᠮᠦᠵᠢᠯ ᠤᠨ ᠤᠬᠠᠭᠠᠨ︾ ︽ᠰᠤᠷᠭᠠᠨ ᠬᠥᠮᠦᠵᠢᠯ ᠤᠨ ᠰᠡᠳᠬᠢᠴᠡ ᠵᠦᠢ︾ ᠶᠢᠨ ᠰᠢᠯᠭᠠᠯᠲᠠ ᠶᠢᠨ ᠨᠡᠷ᠎ᠡ | ᠮᠡᠳᠡᠭᠦᠯᠬᠦ ᠠᠵᠢᠯ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ 8 ᠤ ᠡᠳᠦᠷ ᠳᠠᠭᠤᠰᠤᠨ᠎ᠠ᠂ ᠲᠤᠰ | ᠤᠳᠠᠭᠠᠨ ᠤ ᠰᠢᠯᠭᠠᠯᠲᠠ ᠳᠤ ᠨᠡᠷ᠎ᠡ ᠮᠡᠳᠡᠭᠦᠯᠬᠦ ᠪᠠᠷ ᠪᠡᠯᠡᠳᠬᠡᠵᠦ ᠪᠠᠶᠢᠭ᠎ᠠ ᠰᠢᠯᠭᠠᠭᠤᠯᠤᠭᠰᠠᠳ ᠳᠣᠣᠷᠠᠬᠢ | ᠰᠠᠨᠠᠭᠤᠯᠤᠮᠵᠢ ᠶᠢ ᠠᠩᠬᠠᠷᠬᠤ ᠬᠡᠷᠡᠭᠲᠡᠢ᠄ | ᠰᠠᠨᠠᠭᠤᠯᠤᠮᠵᠢ 1᠄ | 2015 ᠣᠨ ᠳᠤ ᠬᠤᠷᠤᠭᠤᠨ ᠤ ᠨᠠᠮᠵᠢᠭᠤᠨ ᠰᠤᠳᠠᠯ ᠪᠣᠯᠣᠨ ᠬᠡᠷᠡᠯ ᠵᠢᠷᠤᠭ ᠤᠨ ᠴᠣᠭᠯᠠᠭᠤᠯᠭ᠎ᠠ | ᠥᠭᠭᠦᠭᠰᠡᠨ ᠰᠢᠯᠭᠠᠭᠤᠯᠤᠭᠰᠠᠳ᠂ ᠲᠤᠰ ᠤᠳᠠᠭ᠎ᠠ ᠲᠤᠬᠠᠢ ᠶᠢᠨ ᠲᠠᠯᠠᠪᠤᠷ ᠲᠤ ᠤᠷᠢᠳᠴᠢᠯᠠᠨ ᠨᠤᠳ᠋ᠯᠠᠬᠤ ᠬᠡᠷᠡᠭ | ᠦᠭᠡᠢ᠂ ᠬᠤᠪᠢ ᠬᠥᠮᠦᠨ ᠤ ᠮᠡᠳᠡᠭᠡ ᠵᠠᠩᠭᠢ ᠪᠠᠨ ᠲᠡᠭᠦᠯᠳᠡᠷᠵᠢᠭᠦᠯᠦᠭᠰᠡᠨ ᠤ ᠳᠠᠷᠠᠭ᠎ᠠ ᠬᠢᠴᠢᠶᠡᠯ ᠢᠶᠠᠨ ᠰᠣᠩᠭᠤᠵᠣ | ᠵᠠᠷᠤᠳᠠᠯ ᠲᠤᠰᠢᠶᠠᠪᠠᠯ ᠪᠣᠯᠴᠢᠬᠠᠨ᠎ᠠ᠃ | ᠰᠠᠨᠠᠭᠤᠯᠤᠮᠵᠢ 2᠄ ᠰᠢᠯᠭᠠᠭᠤᠯᠤᠭᠰᠠᠳ ᠰᠦᠯᠵᠢᠶᠡᠨ ᠳᠡᠭᠡᠷᠡᠬᠢ ᠨᠡᠷ᠎ᠡ ᠮᠡᠳᠡᠭᠦᠯᠬᠦ ᠰᠢᠰᠲ᠋ᠧᠮ ᠳᠤ ᠭᠠᠷᠴᠤ ︽ | 2016 ᠣᠨ ᠤ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠰᠢᠯᠭᠠᠯᠲᠠ ᠳᠤ ᠨᠡᠷ᠎ᠡ ᠮᠡᠳᠡᠭᠦᠯᠬᠦ ᠳᠤ | ᠠᠩᠬᠠᠷᠬᠤ ᠵᠦᠢᠯᠡᠰ︾ ᠢ ᠬᠢᠨᠠᠮᠠᠭᠠᠢ ᠦᠵᠡᠭᠡᠷᠡᠢ᠃ | ᠰᠠᠨᠠᠭᠤᠯᠤᠮᠵᠢ 3᠄ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶ᠎ᠡ ︵http://www.nm.zsks.cn/︶ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ | ᠲᠤᠰᠬᠠᠶ ᠪᠤᠯᠤᠩ ᠳᠤ ᠭᠠᠷᠴᠤ᠂ ︽2016 ᠣᠨ ᠤ ᠪᠥᠬᠦ ᠣᠷᠣᠨ ᠤ ᠪᠠᠭᠰᠢ ᠶᠢᠨ ᠬᠢᠷᠢ ᠬᠡᠮ ᠢ ᠮᠠᠭᠠᠳᠯᠠᠨ | ᠲᠣᠭᠲᠠᠭᠠᠬᠤ ︿ᠰᠤᠷᠭᠠᠨ ᠬᠥᠮᠦᠵᠢᠯ ᠤᠨ ᠤᠬᠠᠭᠠᠨ﹀ ︿ᠰᠤᠷᠭᠠᠨ ᠬᠥᠮᠦᠵᠢᠯ ᠤᠨ ᠰᠡᠳᠬᠢᠴᠡ ᠵᠦᠢ﹀ ᠶᠢᠨ | ᠰᠢᠯᠭᠠᠯᠲᠠ ᠳᠤ ᠨᠡᠷ᠎ᠡ ᠮᠡᠳᠡᠭᠦᠯᠬᠦ ᠵᠡᠷᠭᠡ ᠬᠤᠯᠪᠤᠭᠳᠠᠯ ᠪᠥᠬᠦᠢ ᠤᠴᠢᠷ ᠤᠨ ᠲᠤᠬᠠᠢ ᠮᠡᠳᠡᠭᠳᠡᠯ︾ ᠢ ᠨᠠᠷᠢᠨ ᠦᠵᠡᠪᠡᠯ᠄ | ᠨᠡᠷ᠎ᠡ ᠮᠡᠳᠡᠭᠦᠯᠬᠦ ᠨᠥᠬᠦᠴᠡᠯ᠂ ᠨᠡᠷ᠎ᠡ ᠮᠡᠳᠡᠭᠦᠯᠬᠦ ᠴᠠᠭ ᠪᠣᠯᠣᠨ ᠠᠷᠭ᠎ᠠ᠂ ᠰᠢᠯᠭᠠᠯᠲᠠ ᠳᠤ ᠨᠡᠷ᠎ᠡ ᠮᠡᠳᠡᠭᠦᠯᠬᠦ ᠳᠠᠷᠠᠭᠠᠯᠠᠯ | ᠂ ᠳᠠᠪᠲᠠᠬᠤ ᠪᠠ ᠰᠡᠳᠦᠪ ᠭᠠᠷᠭᠠᠬᠤ ᠬᠡᠪᠴᠢᠶ᠎ᠡ ᠪᠣᠯᠣᠨ ᠦᠨᠳᠦᠰᠦᠯᠡᠯ ᠵᠡᠷᠭᠡ ᠴᠢᠬᠤᠯᠠ ᠠᠭᠤᠯᠭ᠎ᠠ ᠨᠤᠭᠤᠳ ᠴᠦᠮ | ᠲᠣᠳᠣᠷ᠎ᠠ ᠨᠢ ᠪᠣᠢ᠃ | |