ᠮᠡᠳᠡᠭᠳᠡᠯ
ᠨᠡᠶᠢᠲᠡᠯᠡᠭᠰᠡᠨ ᠴᠠᠭ᠄
2016/3/4
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠡ ᠳᠤ᠄      ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠭᠡᠷ ᠤᠨ ᠮᠡᠳᠡᠭᠳᠡᠯ ᠢ ᠦᠨᠳᠦᠰᠦᠯᠡᠪᠡᠯ᠂ ᠡᠯ᠎ᠡ ᠨᠢᠭᠡᠴᠡ ᠨᠦᠭᠦᠳ ᠡᠨᠡ ᠡᠳᠦᠷ ᠠᠴᠠ ᠡᠬᠢᠯᠡᠨ ᠲᠤᠰ ᠨᠢᠭᠡᠴᠡ ᠶᠢᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠠᠴᠠ ᠲᠥᠪ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠳᠡᠭᠡᠷᠡᠬᠢ ᠪᠥᠬᠦ ᠣᠯᠣᠰ ᠤᠨ ︽ᠬᠤᠶᠠᠷ ᠬᠤᠷᠠᠯ︾᠎ ᠤᠨ ᠲᠤᠬᠠᠢ ᠬᠠᠮᠢᠶ᠎ᠡ ᠪᠥᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠰᠢᠯᠵᠢᠭᠦᠯᠦᠨ ᠨᠡᠶᠢᠳᠡᠯᠡᠵᠦ᠂ ᠮᠡᠳᠡᠭᠡ ᠵᠠᠩᠭᠢ ᠶᠢ ᠰᠦᠯᠵᠢᠶ᠎ᠡ ᠶᠢᠨ ᠲᠡᠷᠢᠭᠦᠨ ᠬᠠᠭᠤᠳᠠᠰᠤᠨ ᠤ ᠢᠯᠡᠷᠬᠡᠢ ᠪᠠᠶᠢᠷᠢᠯᠠᠯ ᠳᠤ ᠲᠠᠯᠪᠢᠬᠤ ᠶᠢ ᠱᠠᠭᠠᠷᠳᠠᠪᠠ᠃ ᠡᠭᠦᠨ ᠠᠴᠠ ᠭᠠᠳᠠᠨ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠡᠷᠡᠭᠯᠡᠭᠴᠢᠳ ᠤᠨ ᠲᠠᠪᠴᠠᠩ ᠳᠤ ᠨᠡᠶᠢᠲᠡᠯᠡᠭᠰᠡᠨ ᠮᠡᠳᠡᠭᠡ ᠵᠠᠩᠭᠢ ᠶᠢ ᠰᠦᠯᠵᠢᠶ᠎ᠡ ᠶᠢᠨ ᠲᠡᠷᠢᠭᠦᠨ ᠬᠠᠭᠤᠳᠠᠰᠤᠨ ᠤ ᠢᠯᠡᠷᠬᠡᠢ ᠪᠠᠶᠢᠷᠢᠯᠠᠯ ᠳᠤ ᠲᠠᠯᠪᠢᠬᠤ ᠬᠡᠷᠡᠭᠲᠡᠢ᠃ 3 ᠳ᠋ᠤᠭᠠᠷ ᠰᠠᠷ᠎ᠠ ᠶᠢᠨ 9᠎ ᠤ ᠡᠳᠦᠷ ᠠᠴᠠ ᠡᠮᠦᠨ᠎ᠡ ᠲᠤᠰ ᠰᠦᠯᠵᠢᠶ᠎ᠡ ᠠᠴᠠ ᠰᠢᠯᠵᠢᠭᠦᠯᠦᠨ ᠨᠡᠶᠢᠲᠡᠯᠡᠭᠰᠡᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠮᠡᠳᠡᠭᠦᠯᠬᠦ ᠬᠡᠷᠡᠭᠲᠡᠢ᠃      ᠬᠠᠷᠢᠯᠴᠠᠬᠤ ᠤᠳᠠᠰᠤ᠄ 0471-4824445᠂ 4826713             ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ                     2016 ᠣᠨ ᠤ 3 ᠳ᠋ᠤᠭᠠᠷ ᠰᠠᠷ᠎ᠠ ᠶᠢᠨ 4᠎ ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号