ᠮᠡᠳᠡᠭᠡ ᠵᠠᠩᠭᠢ ᠶᠢᠨ ᠪᠠᠷᠢᠮᠵᠢᠶ᠎ᠠ ᠶᠢ ᠨᠢᠭᠡᠳᠬᠡᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ | ᠦᠨᠳᠦᠰᠦᠨ ᠱᠠᠲᠤᠨ ᠤ ᠪᠠ ᠰᠢᠯᠭᠠᠭᠤᠯᠤᠭᠴᠢᠳ ᠤᠨ ᠳᠠᠷᠤᠭᠠᠰᠤ ᠶᠢ ᠬᠦᠩᠭᠡᠷᠡᠭᠦᠯᠬᠦ ᠶᠢᠨ ᠲᠤᠰᠠᠳᠠ᠂ 2016 | ᠣᠨ ᠤ ᠪᠦᠬᠦ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠰᠤᠷᠭᠠᠭᠤᠯᠢ ᠳᠡᠪᠰᠢᠬᠦ ᠰᠢᠯᠭᠠᠯᠲᠠ ᠶᠢᠨ | ᠰᠤᠷᠤᠭᠴᠢ ᠡᠯᠰᠡᠬᠦ ︵ᠡᠭᠦᠨ ᠳᠤ ᠪᠦᠬᠦ ᠣᠷᠣᠨ ᠤ ᠲᠠᠪᠤᠨ ᠵᠢᠯ ᠤᠨ ᠳᠦᠷᠢᠮᠲᠦ ᠦᠨᠳᠦᠷ ᠵᠡᠷᠭᠡ ᠶᠢᠨ ᠠᠵᠢᠯ | ᠮᠡᠷᠭᠡᠵᠢᠯ ᠤᠨ ᠰᠤᠷᠤᠭᠴᠢ ᠡᠯᠰᠡᠬᠦ ᠪᠠᠭᠲᠠᠨ᠎ᠠ︶ ᠳᠤ ᠦᠷᠭᠦᠯᠵᠢᠯᠡᠨ ᠰᠦᠯᠵᠢᠶᠡᠨ ᠳᠡᠭᠡᠷ᠎ᠡ ᠨᠢᠭᠡᠳᠦᠯᠲᠡᠶ ᠨᠡᠷ᠎ᠡ | ᠮᠡᠳᠡᠭᠦᠯᠬᠦ ᠶᠢ ᠬᠡᠷᠡᠭᠵᠢᠭᠦᠯᠦᠨ᠎ᠡ᠃ | ᠨᠡᠷ᠎ᠡ ᠮᠡᠳᠡᠭᠦᠯᠬᠦ ᠴᠠᠭ | 3 ᠳ᠋ᠤᠭᠠᠷ ᠰᠠᠷ᠎ᠠ ᠶᠢᠨ 21 ᠤ ᠡᠳᠦᠷ ᠤᠨ 9:00 — 31 ᠤ ᠡᠳᠦᠷ ᠤᠨ 17᠄00 ︵ᠨᠡᠷ᠎ᠡ | ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ ᠳᠠᠬᠢᠨ ᠨᠦᠬᠦᠪᠦᠷᠢᠯᠡᠵᠦ ᠨᠡᠷ᠎ᠡ ᠮᠡᠳᠡᠭᠦᠯᠬᠦ ᠠᠵᠢᠯ ᠲᠣᠬᠢᠷᠠᠭᠤᠯᠬᠤ | ᠦᠭᠡᠢ︶ ᠪᠣᠯᠲᠠᠯ᠎ᠠ ᠨᠡᠷ᠎ᠡ ᠮᠡᠳᠡᠭᠦᠯᠦᠨ᠎ᠡ | ᠨᠡᠷ᠎ᠡ ᠮᠡᠳᠡᠭᠦᠯᠬᠦ ᠠᠯᠬᠤᠮ ᠳᠠᠷᠠᠭ᠎ᠠ | ᠬᠤᠯᠪᠣᠭᠳᠠᠯ ᠪᠦᠬᠦᠢ ᠤᠴᠢᠷ ᠶᠠᠪᠤᠳᠠᠯ | 1. 2016 ᠣᠨ ᠤ ᠪᠥᠬᠦ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠰᠤᠷᠭᠠᠭᠤᠯᠢ | ᠳᠡᠪᠰᠢᠬᠦ ᠰᠢᠯᠭᠠᠯᠲᠠ ᠶᠢᠨ ᠰᠤᠷᠤᠭᠴᠢ ᠡᠯᠰᠡᠬᠦ ᠳᠤ ᠨᠡᠷ᠎ᠡ ᠮᠡᠳᠡᠭᠦᠯᠬᠦ ᠬᠢᠷᠢ ᠬᠡᠮ ᠵᠡᠷᠭᠡ ᠬᠠᠮᠢᠶ᠎ᠠ ᠪᠦᠬᠦᠢ ᠲᠣᠭᠲᠠᠭᠠᠯ | ᠱᠠᠭᠠᠷᠳᠠᠯᠭ᠎ᠠ ᠶᠢ ᠡᠯ᠎ᠡ ᠠᠶᠢᠮᠠᠭ ᠬᠤᠳᠠ ᠲᠣᠭᠲᠠᠭᠠᠬᠤ ᠪᠦᠭᠡᠳ ᠨᠡᠶᠢᠭᠡᠮ ᠳᠤ ᠨᠡᠶᠢᠲᠡᠯᠡᠨ᠂ ᠰᠢᠯᠭᠠᠯᠲᠠ ᠶᠢᠨ | ᠰᠡᠳᠦᠪ ᠤᠨ ᠵᠠᠷᠯᠢᠭ ᠲᠦᠷᠢᠮ᠂ ᠰᠢᠯᠭᠠᠯᠲᠠ ᠶᠢᠨ ᠲᠠᠯᠠᠪᠠᠢ ᠶᠢᠨ ᠲᠣᠬᠢᠷᠠᠭᠤᠯᠤᠯᠲᠠ᠂ ᠰᠢᠯᠭᠠᠭᠤᠯᠬᠤ ᠵᠢᠴᠢ | ᠰᠢᠯᠭᠠᠯᠲᠠ ᠬᠢᠨᠠᠬᠤ ᠵᠡᠷᠭᠡ ᠰᠢᠯᠭᠠᠯᠲᠠ ᠶᠢᠨ ᠠᠵᠢᠯ ᠢ ᠡᠯ᠎ᠡ ᠠᠶᠢᠮᠠᠭ ᠬᠤᠲᠠ ᠬᠠᠷᠢᠭᠤᠴᠠᠨ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | 2 . ᠪᠦᠬᠦ ᠣᠷᠣᠨ ᠤ ᠲᠠᠪᠤᠨ ᠵᠢᠯ ᠤᠨ ᠳᠦᠷᠢᠮᠲᠦ ᠦᠨᠳᠦᠷ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ | ︵3+2︶ ᠶᠢᠨ ᠰᠤᠷᠤᠭᠴᠢ ᠡᠯᠰᠡᠬᠦ᠂ ᠳᠠᠩᠰᠠᠯᠠᠭᠤᠯᠬᠤ ᠵᠢᠴᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ ᠰᠤᠷᠤᠭᠴᠢ ᠡᠯᠰᠡᠨ ᠳᠠᠩᠰᠠᠯᠠᠭᠤᠯᠬᠤ ᠠᠵᠢᠯ ᠢ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠨᠢᠭᠡᠳᠦᠯᠲᠡᠶ ᠵᠣᠬᠢᠶᠠᠨ | ᠪᠠᠶᠢᠭᠤᠯᠬᠤ ᠶᠢ ᠭᠠᠷᠭᠠᠪᠠᠯ᠂ ᠪᠤᠰᠤᠳ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠡᠯ᠎ᠡ ᠠᠶᠢᠮᠠᠭ ᠬᠤᠳᠠ ᠬᠠᠷᠢᠭᠤᠴᠠᠨ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | 3 . ᠨᠡᠷ᠎ᠡ ᠮᠡᠳᠡᠭᠦᠯᠬᠦ ᠳᠤ ᠨᠡᠷ᠎ᠡ ᠮᠡᠳᠡᠭᠦᠯᠦᠨ ᠰᠢᠯᠭᠠᠬᠤ ᠲᠦᠷᠦᠯ ᠢᠯᠭᠠᠯ ᠭᠡᠵᠦ ᠳᠠᠬᠢᠨ ᠬᠤᠪᠢᠶᠠᠬᠤ | ᠦᠭᠡᠢ ︵ᠡ᠊ᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠲᠠᠪᠤᠨ ᠵᠢᠯ ᠤᠨ ᠳᠦᠷᠢᠮᠲᠦ ᠦᠨᠳᠦᠷ | ᠵᠡᠷᠭᠡ ᠶᠢᠨ ᠠᠵᠢᠯ ᠮᠡᠷᠭᠡᠵᠢᠯ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ | ᠪᠣᠯᠤᠨ᠎ᠠ︶᠃ | ᠠᠩᠬᠠᠷᠬᠤ ᠵᠦᠢᠯᠡᠰ | 1 . ᠨᠡᠷ᠎ᠡ ᠮᠡᠳᠡᠭᠦᠯᠦᠭᠰᠡᠨ ᠨᠢᠭᠤᠴᠠ ᠨᠣᠮᠧᠷ ᠢᠶᠠᠨ ᠡᠷᠬᠡᠪᠰᠢ ᠪᠠᠲᠤ ᠴᠡᠭᠡᠵᠢᠯᠡᠨ᠎ᠡ | ᠰᠢᠯᠭᠠᠯᠲᠠ ᠳᠤ ᠣᠷᠤᠯᠴᠠᠬᠤ ᠰᠤᠷᠤᠭᠴᠢᠳ ᠰᠢᠯᠭᠠᠭᠤᠯᠬᠤ ᠨᠣᠮᠧᠷ ᠵᠢᠴᠢ ᠦᠪᠡᠷ ᠢᠶᠠᠨ ᠪᠠᠶᠢᠭᠤᠯᠤᠭᠰᠠᠨ | ᠨᠢᠭᠤᠴᠠ ᠨᠣᠮᠧᠷ ᠢᠶᠠᠨ ᠪᠠᠲᠤ ᠴᠡᠭᠡᠵᠢᠯᠡᠬᠦ ᠬᠡᠷᠡᠭᠲᠡᠢ᠃ ᠰᠢᠯᠭᠠᠭᠤᠯᠬᠤ ᠨᠣᠮᠧᠷ ᠪᠣᠯ ᠡ᠊ᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠢᠨ᠎ᠡ ᠰᠤᠷᠤᠭᠴᠢᠳ ᠤᠨ ᠰᠤᠷᠭᠠᠭᠤᠯᠢ ᠳᠤ ᠤᠷᠤᠭᠰᠠᠨ ᠤ ᠳᠠᠷᠠᠭᠠᠬᠢ ᠰᠤᠷᠤᠯᠭ᠎ᠠ ᠶᠢᠨ | ᠬᠢᠷᠢ ᠲᠦᠪᠰᠢᠨ ᠤ ᠰᠢᠯᠭᠠᠯᠲᠠ ᠶᠢᠨ ᠰᠢᠯᠭᠠᠬᠤ ᠬᠠᠷᠢᠶᠠᠨ ᠤ ᠨᠣᠮᠧᠷ ᠪᠣᠯᠤᠨ᠎ᠠ︔ ᠨᠢᠭᠤᠴᠠ ᠨᠣᠮᠧᠷ ᠢ ᠪᠣᠯ | ᠬᠤᠶᠢᠰᠢᠳᠠ ᠶᠢᠨ ᠦᠶ᠎ᠡ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ | ᠲᠦᠪᠰᠢᠨ ᠤ ᠰᠢᠯᠭᠠᠯᠲᠠ ᠶᠢᠨ ᠰᠢᠯᠭᠠᠬᠤ ᠬᠠᠷᠢᠶ᠎ᠠ ᠶᠢ ᠳᠠᠩᠰᠠᠯᠠᠬᠤ ᠪᠠ ᠲᠠᠪᠤᠨ ᠵᠢᠯ ᠤᠨ ᠳᠦᠷᠢᠮᠲᠦ ᠦᠨᠳᠦᠷ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠬᠦᠰᠡᠯ ᠢᠶᠠᠨ ᠲᠠᠭᠯᠠᠨ ᠮᠡᠳᠡᠭᠦᠯᠬᠦ ᠦᠶ᠎ᠡ ᠳᠤ ᠦᠷᠭᠦᠯᠵᠢᠯᠡᠨ | ᠬᠡᠷᠡᠭᠯᠡᠨ᠎ᠡ᠂ ᠰᠢᠯᠭᠠᠭᠤᠯᠤᠭᠴᠢᠳ ᠦᠪᠡᠷ ᠤᠨ ᠨᠡᠷ᠎ᠡ ᠮᠡᠳᠡᠭᠦᠯᠦᠭᠰᠡᠨ ᠨᠢᠭᠤᠴᠠ ᠨᠣᠮᠧᠷ ᠢᠶᠠᠨ ᠡᠷᠬᠡᠪᠰᠢ ᠪᠠᠲᠤ | ᠴᠡᠭᠡᠵᠢᠯᠡᠨ᠂ ᠶᠠᠷᠰᠢᠭ ᠭᠠᠷᠬᠤ ᠠᠴᠠ ᠰᠡᠷᠭᠡᠶᠢᠯᠡᠬᠦ ᠬᠡᠷᠡᠭᠲᠡᠢ︔ ᠨᠢᠭᠤᠴᠠ ᠨᠣᠮᠧᠷ ᠢᠶᠠᠨ ᠪᠤᠰᠤᠳ ᠲᠤ ᠮᠡᠳᠡᠭᠳᠡᠭᠰᠡᠨ | ᠪᠤᠶᠤ ᠵᠠᠳᠠᠷᠠᠭᠤᠯᠤᠭᠰᠠᠨ ᠠᠴᠠ ᠪᠣᠯᠵᠤ ᠬᠤᠬᠢᠷᠠᠯ ᠪᠠ ᠨᠥᠯᠥᠭᠡ ᠭᠠᠷᠪᠠᠯ᠂ ᠰᠢᠯᠭᠠᠭᠤᠯᠤᠭᠴᠢ ᠥᠪᠡᠷ ᠲᠡᠭᠡᠨ | ᠬᠠᠷᠢᠭᠤᠴᠠᠬᠤ ᠬᠡᠷᠡᠭᠲᠡᠶ᠃ | 2 . ᠨᠡᠷ᠎ᠡ ᠮᠡᠳᠡᠭᠦᠯᠦᠭᠰᠡᠨ ᠤ ᠳᠠᠷᠠᠭ᠎ᠠ᠂ ᠰᠤᠷᠤᠭᠴᠢ ᠡᠯᠰᠡᠬᠦ ᠠᠵᠢᠯ ᠳᠠᠭᠤᠰᠬᠤ ᠠᠴᠠ ᠡᠮᠦᠨ᠎ᠡ ᠪᠡᠶ᠎ᠡ ᠶᠢᠨ | ᠬᠢᠷᠢ ᠬᠡᠮ ᠤᠨ ᠮᠡᠳᠡᠭᠡ ᠵᠠᠩᠬᠢ ᠪᠠᠨ ᠬᠤᠪᠢᠷᠠᠭᠤᠯᠵᠤ ᠪᠣᠯᠬᠤ ᠤᠢᠭᠡᠢ | ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠨᠤᠲᠠᠯᠠᠨ ᠲᠣᠭᠲᠠᠭᠠᠵᠤ᠂ ᠨᠡᠷ᠎ᠡ ᠮᠡᠳᠡᠭᠦᠯᠬᠦ ᠠᠵᠢᠯ | ᠪᠦᠬᠦᠨ ᠢᠶᠠᠷ ᠢᠶᠠᠨ ᠳᠠᠭᠤᠰᠤᠭᠰᠠᠨ ᠤ ᠳᠠᠷᠠᠭ᠎ᠠ᠂ ᠰᠢᠯᠭᠠᠭᠤᠯᠤᠭᠴᠢᠳ ᠪᠡᠶ᠎ᠡ ᠶᠢᠨ ᠬᠢᠷᠢ ᠬᠡᠮ ᠤᠨ ᠮᠡᠳᠡᠭᠡ ᠵᠠᠩᠭᠢ | ᠪᠠᠨ ᠳᠠᠬᠢᠨ ᠬᠤᠪᠢᠷᠠᠭᠤᠯᠵᠤ ᠪᠣᠯᠬᠤ ᠦᠭᠡᠢ᠂ ᠬᠤᠵᠢᠮ ᠤᠨ ᠰᠢᠯᠭᠠᠯᠲᠠ ᠳᠤ ᠪᠡᠶ᠎ᠡ ᠶᠢᠨ ᠪᠠᠶᠢᠳᠠᠯ ᠢ ᠰᠢᠯᠭᠠᠨ | ᠪᠠᠲᠤᠯᠠᠬᠤ᠂ ᠡᠯᠰᠡᠬᠦ᠂ ᠳᠠᠩᠰᠠᠯᠠᠬᠤ ᠵᠡᠷᠭᠡ ᠶᠢ ᠨᠦᠯᠦᠭᠡᠯᠡᠬᠦ ᠠᠴᠠ ᠪᠠᠨ ᠵᠠᠶᠢᠯᠠᠰᠭᠢᠬᠦ ᠬᠡᠷᠡᠭᠲᠡᠢ᠃ | 3 . ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠤᠷᠢᠳᠴᠢᠯᠠᠨ ᠭᠦᠢᠴᠡᠳᠬᠡᠬᠦ | ᠬᠡᠷᠡᠭᠲᠡᠢ | ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ | ᠪᠠᠶᠢᠭᠤᠯᠤᠮᠵᠢ ᠨᠤᠭᠤᠳ ᠰᠢᠯᠭᠠᠭᠤᠯᠤᠭᠴᠢᠳ ᠢ ᠵᠣᠬᠢᠶᠠᠨ ᠪᠠᠶᠢᠭᠤᠯᠤᠨ ᠬᠤᠷᠤᠭᠤᠨ ᠨᠠᠮᠵᠢᠭᠤᠨ ᠰᠤᠳᠠᠯ ᠤᠨ ᠮᠡᠳᠡᠭᠡ | ᠵᠠᠩᠭᠢ ᠶᠢ ᠴᠤᠭᠯᠠᠭᠤᠯᠬᠤ᠂ ᠭᠡᠷᠡᠯ ᠵᠢᠷᠤᠭ᠂ ᠦᠨᠡᠨᠴᠢ ᠢᠲᠡᠭᠡᠮᠵᠢᠲᠡᠶ ᠰᠢᠯᠭᠠᠬᠤ ᠠᠮᠠᠯᠠᠯᠲᠠ ᠶᠢᠨ ᠪᠢᠴᠢᠭ ᠲᠣᠭᠲᠠᠬᠤ᠂ | ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠨᠤᠲᠠᠯᠠᠬᠤ ᠵᠡᠷᠭᠡ ᠠᠵᠢᠯ ᠬᠢᠬᠦ ᠬᠡᠷᠡᠭᠲᠡᠢ᠃ ᠰᠢᠯᠭᠠᠭᠤᠯᠤᠭᠴᠢᠳ | ᠡᠷᠬᠡᠪᠰᠢ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠰᠢᠯᠭᠠᠨ ᠨᠤᠲᠠᠯᠠᠭᠤᠯᠬᠤ | ᠬᠡᠷᠡᠭᠲᠡᠢ᠂ ᠲᠡᠶᠢᠮᠦ ᠪᠢᠰᠢ ᠪᠣᠯ ᠨᠡᠷ᠎ᠡ ᠮᠡᠳᠡᠭᠦᠯᠬᠦ ᠭᠠᠷᠳᠠᠮ ᠢ ᠭᠦᠢᠴᠡᠳᠬᠡᠵᠦ ᠴᠢᠳᠠᠬᠤ ᠦᠭᠡᠢ︔ ᠬᠤᠶᠠᠳᠤᠭᠠᠷ | ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠪᠤᠶᠤ ᠭᠦᠢᠴᠡᠳᠬᠡᠭᠡᠳᠦᠢ | ᠰᠢᠯᠭᠠᠭᠤᠯᠤᠭᠴᠢᠳ ᠡᠷᠬᠡᠪᠰᠢ ᠤᠷᠢᠳᠴᠢᠯᠠᠨ ᠲᠤᠰ ᠭᠠᠵᠠᠷ ᠤᠨ ᠢᠶᠠᠨ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠲᠤ ᠬᠦᠷᠴᠦ ᠭᠦᠢᠴᠡᠳᠬᠡᠬᠦ ᠬᠡᠷᠡᠭᠲᠡᠢ᠃ | ᠬᠡᠷᠪᠡ ᠨᠡᠩ ᠣᠯᠠᠨ ᠨᠠᠷᠢᠨ ᠪᠠᠶᠢᠳᠠᠯ ᠢ ᠤᠶᠢᠯᠭᠠᠶᠠ ᠭᠡᠪᠡᠯ᠂ ᠥᠪᠥᠷ ᠮᠣᠩᠭᠤᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ︵http ://www.nm.zsks.cn︶ ᠳᠤ ᠭᠠᠷᠴᠤ ︽ | ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ︾ ᠰᠤᠪᠠᠭ ᠲᠤ ᠣᠷᠣᠭᠠᠳ ︽ | 2016 ᠣᠨ ᠤ ᠪᠦᠬᠦ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠰᠤᠷᠭᠠᠭᠤᠯᠢ ᠳᠡᠪᠰᠢᠬᠦ | ᠰᠢᠯᠭᠠᠯᠲᠠ ᠶᠢᠨ ᠰᠤᠷᠤᠭᠴᠢ ᠡᠯᠰᠡᠬᠦ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠵᠡᠷᠭᠡ ᠬᠤᠯᠪᠣᠭᠳᠠᠯ ᠪᠥᠬᠦᠢ ᠶᠠᠪᠤᠳᠠᠯ | ᠤᠴᠢᠷ ᠤᠨ ᠲᠤᠬᠠᠢ ᠮᠡᠳᠡᠭᠳᠡᠯ︾ ︵ᠥᠪᠥᠷ ᠰᠤᠷᠭᠠᠨ ᠡᠯᠰᠡᠬᠦ ᠰᠢᠯᠭᠠᠯᠲᠠ ᠳᠤᠮᠳᠠ ﹇2016﹈ 2 ᠳ᠋ᠤᠭᠠᠷ | ᠲᠣᠭᠠᠲᠤ︶ ᠢ ᠯᠠᠪᠯᠠᠭᠠᠷᠠᠢ᠃ |