︽ᠪᠢ ︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠳᠡᠭᠡᠨ᠂ ᠣᠳᠣ ᠠᠵᠤ ᠠᠬᠤᠢ ᠶᠢᠨ ᠪᠠᠶᠢᠳᠠᠯ | ᠭᠠᠵᠠᠷ ᠣᠷᠣᠨ ᠪᠣᠯᠣᠨ ᠠᠵᠢᠯ ᠲᠥᠷᠥᠯ ᠳᠤ ᠵᠠᠳᠠᠷᠠᠯ ᠤᠨ ᠪᠠᠶᠢᠳᠠᠯ ᠭᠠᠷᠴᠠᠢ᠂ ᠣᠶᠢᠯᠠᠭᠠᠮᠵᠢᠲᠠᠶ ᠪᠠᠷ ᠬᠡᠯᠡᠪᠡᠯ | ᠳᠠᠷᠤᠶ ︿ᠭᠠᠯ ᠤᠰᠤᠨ ᠤ ᠵᠥᠷᠢᠶ᠎ᠡ﹀ ᠭᠠᠷᠤᠭᠰᠠᠨ ᠪᠠᠶᠢᠨ᠎ᠠ᠃ ᠴᠦᠩᠴᠢᠩ ᠪᠣᠯ ︿ ᠭᠠᠯ﹀ ᠤᠨ ᠲᠡᠷᠡ ᠲᠠᠯ᠎ᠠ ᠳᠤ | ᠪᠠᠶᠢᠵᠤ᠂ ᠶᠠᠭ ᠴᠦᠩᠴᠢᠩ ᠤᠨ ᠬᠠᠯᠠᠭᠤᠨ ᠲᠣᠭᠤᠭ᠎ᠠ ᠲᠠᠢ ᠠᠳᠠᠯᠢ ᠪᠠᠶᠢᠨ᠎ᠠ᠃︾ 3 ᠳ᠋ᠤᠭᠠᠷ ᠰᠠᠷ᠎ᠠ ᠶᠢᠨ 8 ᠤ | ᠡᠳᠦᠷ᠂ ᠯᠢ ᠺᠧ ᠴᠢᠶᠠᠩ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠴᠦᠩᠴᠢᠩ ᠤᠨ ᠲᠥᠯᠥᠭᠡᠯᠡᠭᠴᠢᠳ ᠤᠨ | ᠪᠦᠯᠬᠦᠮ ᠤᠨ ᠪᠥᠬᠦᠳᠡ ᠬᠤᠷᠠᠯ ᠳᠤ ᠣᠷᠣᠯᠴᠠᠬᠤ ᠳᠤ ︽ᠴᠦᠩᠴᠢᠩ ᠤᠨ ᠬᠠᠯᠠᠭᠤᠨ ᠲᠣᠭᠤᠭ᠎ᠠ︾ ᠪᠠᠷ | ᠴᠦᠩᠴᠢᠩ ᠤᠨ ᠠᠵᠤ ᠠᠬᠤᠶ ᠶᠢᠨ ︽ᠭᠠᠯ︾ ᠢ ᠵᠦᠢᠷᠯᠡᠨ ᠰᠠᠶᠢᠰᠢᠶᠠᠪᠠ᠃ | 2015 ᠣᠨ ᠳᠤ᠂ ᠴᠦᠩᠴᠢᠩ ᠤᠨ GDP ᠠᠳᠠᠯᠢ ᠬᠤᠭᠤᠴᠠᠭᠠᠨ ᠤ ᠬᠢ ᠠᠴᠠ 11% ᠪᠠᠷ | ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠭᠡᠢ ᠤᠢᠢᠯᠡᠳᠭᠦᠨ ᠤ ᠦᠷᠳᠡᠭ ᠨᠢ | ᠠᠳᠠᠯᠢ ᠬᠤᠭᠤᠴᠠᠭᠠᠨ ᠤ ᠬᠢ ᠠᠴᠠ 12.4% ᠪᠠᠷ ᠨᠡᠮᠡᠭᠳᠡᠵᠦ᠂ ᠲᠣᠭᠲᠠᠮᠠᠯ ᠭᠦᠷᠤᠩᠭᠡ ᠶᠢᠨ ᠪᠡᠯᠡ ᠣᠷᠣᠭᠤᠯᠤᠯᠲᠠ | ᠨᠢ ᠠᠳᠠᠯᠢ ᠬᠤᠭᠤᠴᠠᠭᠠᠨ ᠤ ᠬᠢ ᠠᠴᠠ 17.1% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠪᠣᠷᠣᠯᠠᠭᠤᠯᠤᠭᠰᠠᠨ ᠪᠦᠬᠦ ᠲᠤᠭ᠎ᠠ ᠨᠢ 12.5% ᠪᠠᠷ ᠨᠡᠮᠡᠭᠳᠡᠵᠦ᠂ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠨᠢ 9.6% ᠪᠠᠷ ᠨᠡᠮᠡᠭᠳᠡᠪᠡ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ | ᠭᠤᠣᠯ ᠭᠦᠢᠴᠡᠳᠬᠡᠬᠦ ᠲᠤᠭ᠎ᠠ ᠨᠢ ᠴᠥᠮ ᠪᠦᠬᠦ ᠤᠯᠤᠰ ᠤᠨ ᠲᠡᠷᠢᠭᠦᠨ ᠡᠩᠨᠡᠭᠡᠨ ᠳᠤ ᠶᠠᠪᠤᠵᠤ ᠪᠣᠢ᠃ | | ᠥᠭᠡᠷᠡᠴᠢᠯᠡᠯᠲᠡ ᠨᠡᠭᠡᠭᠡᠯᠲᠡ ᠪᠣᠯ ᠮᠥᠨ ᠬᠥᠭᠵᠢᠯᠲᠡ ᠶᠢᠨ ᠭᠤᠣᠯ ᠬᠥᠳᠡᠯᠭᠡᠭᠴᠢ ᠬᠦᠴᠦᠨ ᠪᠣᠯᠣᠨ᠎ᠠ | ︽ᠰᠠᠶ᠋ᠢ ᠶᠢᠨ ᠥᠭᠡ ᠬᠡᠯᠡᠭᠰᠡᠨ ᠬᠡᠳᠦᠨ ᠲᠥᠯᠥᠭᠡᠯᠡᠭᠴᠢ ᠪᠣᠯ ᠱᠦᠵᠢ᠂ ᠬᠤᠳᠠ ᠶᠢᠨ ᠳᠠᠷᠤᠭ᠎ᠠ ᠵᠡᠷᠭᠡ | ᠤᠳᠤᠷᠢᠳᠬᠤ ᠺᠠᠳ᠋ᠷ ᠠᠴᠠ ᠦᠨᠳᠦᠰᠦᠨ ᠱᠠᠲᠤᠨ ᠤ ᠪᠠᠭ᠎ᠠ ᠰᠤᠷᠭᠠᠭᠤᠯᠢ ᠶᠢᠨ ᠵᠠᠬᠢᠷᠤᠯ ᠪᠣᠯᠣᠨ᠎ᠠ᠂ ᠤᠯᠠᠨ ᠤ ᠭᠤᠣᠯ | ᠰᠡᠳᠦᠪ ᠨᠢ ᠴᠦᠮ ︿ᠥᠭᠡᠷᠡᠴᠢᠯᠡᠯᠲᠡ ᠨᠡᠭᠡᠭᠡᠯᠲᠡ﹀ ᠪᠠᠷ ᠭᠤᠣᠯᠯᠠᠭᠤᠯᠵᠠᠢ︾ ᠭᠡᠪᠡ᠃ ᠪᠦᠬᠦ ᠤᠯᠤᠰ ᠤᠨ | ᠠᠷᠠᠳ ᠤᠨ ᠲᠥᠯᠥᠭᠡᠯᠡᠭᠴᠢ᠂ ᠴᠦᠩᠴᠢᠩ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠨ ᠵᠧᠩ ᠼᠠᠢ ᠵᠢᠴᠢ | 6 ᠲᠥᠯᠥᠭᠡᠯᠡᠭᠴᠢ ᠶᠠᠷᠢᠭᠰᠠᠨ ᠤ ᠲᠠᠷᠠᠭ᠎ᠠ᠂ ᠯᠢ ᠺᠧ ᠴᠢᠶᠠᠩ ᠬᠡᠯᠡᠭᠰᠡᠨ ᠨᠢ᠂ ︽ᠳᠤᠮᠳᠠᠳᠤ ᠤᠯᠤᠰ ᠤᠨ 30 | ᠭᠠᠷᠤᠶ ᠵᠢᠯ ᠤᠨ ᠲᠤᠷᠰᠢ ᠣᠯᠣᠭᠰᠠᠨ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠪᠣᠯ | ᠥᠭᠡᠷᠡᠴᠢᠯᠡᠯᠲᠡ ᠨᠡᠭᠡᠭᠡᠯᠳᠡ ᠳᠤ ᠲᠦᠰᠢᠭᠯᠡᠭᠰᠡᠨ ᠶᠤᠮ᠃ ᠥᠭᠡᠷᠡᠴᠢᠯᠡᠯᠲᠡ ᠨᠡᠭᠡᠭᠡᠯᠲᠡ ᠨᠢ ᠮᠥᠨ ᠬᠥᠭᠵᠢᠯᠲᠡ ᠶᠢᠨ | ᠭᠤᠣᠯ ᠬᠥᠳᠡᠯᠭᠡᠭᠴᠢ ᠬᠦᠴᠦᠨ ᠪᠣᠯᠣᠨ᠎ᠠ︕︾ ᠭᠡᠪᠡ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠴᠦᠩᠴᠢᠩ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠰᠢᠤᠸᠠᠨ ᠶᠠᠷᠢᠶᠠᠨ ᠳᠠᠭᠠᠨ᠂ | ᠤᠢᠢᠷ᠎ᠠ ᠶᠢᠨ ᠵᠢᠯ ᠤᠳ ᠲᠤ᠂ ᠴᠦᠩᠴᠢᠩ ᠬᠤᠲᠠ ᠶᠢᠨ ᠵᠠᠰᠠᠭ ᠤᠨ ᠣᠷᠳᠣᠨ ᠪᠣᠯᠣᠨ ᠴᠦᠩᠴᠢᠩ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠵᠢᠷᠤᠮᠵᠢᠯ | ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠳᠠᠭᠠᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ | ᠬᠦᠯᠢᠶᠡᠰᠦᠯᠡᠵᠦ ᠪᠠᠶᠢᠭᠰᠠᠨ ᠮᠠᠰᠢ ᠤᠯᠠᠨ ᠠᠰᠠᠭᠤᠳᠠᠯ ᠢ ᠢᠯᠡᠷᠡᠭᠦᠯᠪᠡ᠃ ᠨᠢᠭᠡ ᠨᠡᠶᠢᠲᠡᠯᠢᠭ ᠵᠢᠱᠢᠶ᠎ᠡ ᠪᠣᠯ᠄ ᠠᠳᠠᠯᠢ | ᠨᠢᠭᠡᠨ ᠬᠡᠷᠡᠭ ᠶᠠᠪᠤᠳᠠᠯ ᠳᠤ ᠴᠢᠭᠯᠡᠭᠦᠯᠦᠨ᠂ ᠠᠳᠠᠯᠢ ᠪᠤᠰᠤ ᠰᠠᠯᠠᠭ᠎ᠠ ᠮᠥᠴᠢᠷ ᠨᠢ 24 ᠡᠳᠦᠷ ᠤᠨ ᠳᠣᠲᠣᠷ᠎ᠠ ᠠᠳᠠᠯᠢ | ᠪᠤᠰᠤ ᠭᠤᠷᠪᠠᠨ ᠪᠢᠴᠢᠭ ᠮᠠᠲ᠋ᠧᠷᠢᠶᠠᠯ ᠢ ᠤᠷᠢᠳ ᠬᠤᠵᠢᠳ ᠨᠡᠶᠢᠲᠡᠯᠡᠭᠰᠡᠨ ᠪᠠᠶᠢᠨ᠎ᠠ ᠭᠡᠯᠡ᠃ | ︽ᠡᠨᠡ ᠨᠢ ᠳᠠᠷᠤᠢ ᠠᠵᠤ ᠠᠬᠤᠶᠢᠯᠠᠯ ᠢ ᠶᠠᠭᠠᠬᠢᠬᠤ ᠶᠢᠨ ᠠᠷᠭ᠎ᠠ ᠦᠭᠡᠢ ᠪᠣᠯᠭᠠᠴᠢᠬᠠᠵᠠᠢ ᠰᠢᠤ︕︾ ᠯᠢ | ᠺᠧ ᠴᠢᠶᠠᠩ ᠰᠠᠨᠠᠭ᠎ᠠ ᠠᠯᠳᠠᠨ ᠬᠡᠯᠡᠭᠰᠡᠨ ᠨᠢ᠄ ︽ᠲᠠᠨ ᠤ ᠳᠤᠷᠠᠳᠤᠭᠰᠠᠨ ᠰᠠᠨᠠᠯ ᠤᠨ ᠭᠤᠣᠯ ᠰᠠᠨᠠᠭ᠎ᠠ ᠨᠢ ᠨᠢᠭᠡ | ᠯᠡ ᠵᠣᠷᠢᠭ᠂ ᠳᠠᠷᠤᠶ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠲᠦᠷᠭᠡᠨ ᠪᠠᠶᠢᠭᠤᠯᠬᠤ ᠶᠢ ᠬᠦᠰᠡᠵᠦ᠂ | ᠵᠠᠰᠠᠭ ᠤᠨ ᠣᠷᠳᠣᠨ ᠨᠢ ᠲᠤᠰ ᠪᠡᠶ᠎ᠡ ᠶᠢᠨ ᠥᠭᠡᠷᠡᠴᠢᠯᠡᠯᠲᠡ ᠪᠠᠨ ᠦᠷᠭᠦᠯᠵᠢᠯᠡᠨ ᠲᠦᠯᠬᠢᠨ ᠠᠬᠢᠭᠤᠯᠬᠤ ᠶᠢ | ᠬᠦᠰᠡᠵᠡᠢ᠃ ᠡᠨᠡ ᠨᠢ ᠮᠦᠨ ᠴᠤ ᠪᠢᠳᠡᠨ ᠤ ᠢᠮᠠᠭᠲᠠ ᠲᠡᠯᠪᠢᠯ ᠦᠭᠡᠢ ᠠᠳᠬᠤᠵᠤ ᠪᠠᠶᠢᠭ᠎ᠠ ᠥᠭᠡᠷᠡᠴᠢᠯᠡᠯᠲᠡ ᠶᠢᠨ | ︿ᠴᠤᠯᠪᠤᠭᠤᠷ﹀ ᠪᠣᠯᠤᠨ᠎ᠠ︾ ᠭᠡᠪᠡ᠃ | ᠯᠢ ᠺᠧ ᠴᠢᠶᠠᠩ ᠬᠡᠯᠡᠭᠰᠡᠨ ᠨᠢ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠣᠯ ᠲᠤᠰ ᠬᠤᠭᠤᠴᠠᠭᠠᠨ ᠤ ᠵᠠᠰᠠᠭ ᠤᠨ ᠣᠷᠳᠣᠨ ᠤ ︽ | ᠲᠡᠷᠢᠭᠦᠨ ᠡᠭᠦᠷᠭᠡ︾ ᠪᠣᠯᠣᠨ᠎ᠠ᠂ ᠵᠣᠷᠢᠯᠭ᠎ᠠ ᠨᠢ ᠳᠠᠷᠤᠢ 13 ᠳ᠋ᠦᠩᠰᠢᠭᠤᠷ ᠬᠥᠮᠦᠨ ᠤ ᠭᠠᠷ ᠬᠥᠯ ᠤᠨ ︽ | ᠬᠦᠯᠢᠶᠡᠰᠦ︾ ᠶᠢ ᠠᠯᠳᠠᠷᠠᠭᠠᠵᠤ᠂ ᠠᠷᠠᠳ ᠤᠯᠠᠨ ᠤ ᠢᠳᠡᠪᠬᠢᠵᠢᠯ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ | ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠩ ᠪᠦᠲᠦᠮᠵᠢᠲᠡᠶ ᠪᠠᠷ ᠬᠦᠭᠵᠢᠭᠡᠬᠦ ᠶᠠᠪᠤᠳᠠᠯ ᠪᠣᠯᠣᠨ᠎ᠠ᠃ | ︽ᠲᠤᠰ ᠬᠤᠭᠤᠴᠠᠭᠠᠨ ᠤ ᠵᠠᠰᠠᠭ ᠤᠨ ᠣᠷᠳᠣᠨ ᠪᠠᠶᠢᠭᠤᠯᠤᠭᠳᠠᠬᠤ ᠶᠢᠨ ᠡᠬᠢᠨ ᠤ ᠦᠶ᠎ᠡ ᠳᠤ᠂ ᠪᠢᠳᠡ 1 | / 3 ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠢᠯᠡᠰ ᠢ ᠬᠦᠴᠦᠨ ᠦᠭᠡᠢ ᠪᠣᠯᠭᠠᠬᠤ ᠪᠠᠷ ᠠᠮᠠᠯᠳᠠᠵᠤ᠂ | ᠤᠳᠤ ᠡᠨᠡᠬᠦ ᠡᠭᠦᠷᠭᠡ ᠶᠢ ᠨᠢᠭᠡᠨᠲᠡ ᠳᠠᠪᠠᠭᠤᠯᠤᠨ ᠪᠡᠶᠡᠯᠡᠭᠦᠯᠪᠡ᠃ ᠭᠡᠪᠡᠴᠦ ᠪᠢᠳᠠ ᠥᠭᠡᠷᠡᠴᠢᠯᠡᠯᠲᠡ ᠶᠢᠨ ᠳᠤᠮᠳᠠ | ᠣᠯᠵᠤ ᠮᠡᠳᠡᠭᠰᠡᠨ ᠨᠢ᠂ ᠵᠥᠪᠬᠡᠨ ᠬᠠᠤᠯᠢ ᠪᠠᠷ ᠲᠣᠭᠲᠠᠭᠠᠭᠰᠠᠨ ᠬᠢᠨᠠᠨ ᠵᠥᠪᠰᠢᠶᠡᠷᠡᠬᠦ ᠡᠷᠬᠡ ᠶᠢ ᠬᠦᠴᠦᠨ ᠦᠭᠡᠢ | ᠪᠣᠯᠭᠠᠬᠤ ᠴᠢᠬᠤᠯᠠᠲᠠᠢ ᠪᠠᠶᠢᠬᠤ ᠪᠠᠷ ᠪᠠᠷᠠᠬᠤ ᠦᠭᠡᠶ᠂ ᠪᠠᠰᠠ ᠵᠠᠰᠠᠭ ᠵᠠᠬᠢᠷᠭᠠᠨ ᠤ ᠪᠤᠰᠤ1000 ᠭᠠᠷᠤᠶ ᠬᠢᠨᠠᠨ | ᠵᠥᠪᠰᠢᠶᠡᠷᠡᠯ ᠤᠨ ᠵᠦᠢᠯᠡᠰ ᠵᠢᠴᠢ ᠶᠡᠭᠡ ᠬᠡᠮᠵᠢᠶᠡᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠴᠦ ᠪᠠᠭᠲᠠᠨ᠎ᠠ᠃︾ ᠭᠡᠵᠦ ᠯᠢ ᠺᠧ ᠴᠢᠶᠠᠩ ᠬᠡᠯᠡᠪᠡ᠃ | ᠯᠢ ᠺᠧ ᠴᠢᠶᠠᠩ ᠲᠡᠷᠡ ᠳᠣᠣᠷ᠎ᠠ ᠪᠠᠨ᠂ ᠵᠠᠰᠠᠭ ᠤᠨ ᠣᠷᠳᠣᠨ ᠠᠴᠠ ᠡᠨᠡ ᠵᠢᠯ ᠲᠤᠰ ᠪᠡᠶ᠎ᠡ ᠶᠢᠨ | ᠥᠭᠡᠷᠡᠴᠢᠯᠡᠯᠲᠡ ᠶᠢ ᠲᠦᠯᠬᠢᠨ ᠠᠬᠢᠭᠤᠯᠬᠤ ᠡᠷᠴᠢᠮ ᠢ ᠨᠡᠮᠡᠭᠳᠡᠭᠦᠯᠦᠨ᠎ᠡ ᠭᠡᠵᠦ ᠢᠯᠡᠳᠬᠡᠭᠡᠳ᠄ ︽ᠦᠨᠡᠨ ᠢᠶᠠᠷ | ᠬᠡᠯᠡᠪᠡᠯ᠂ ᠡᠳᠡᠭᠡᠷ ᠥᠭᠡᠷᠡᠴᠢᠯᠡᠯᠲᠡ ᠨᠢ ᠦᠨᠡᠬᠡᠷ ︿ᠪᠠᠭᠠᠲᠤᠷ ᠡᠷ᠎ᠡ ᠪᠠᠭᠤᠤ ᠪᠠᠨ ᠴᠠᠪᠴᠢᠬᠤ﹀ ᠴᠢᠬᠤᠯᠠᠲᠠᠶ᠂ | ᠤᠴᠢᠷ ᠨᠢ ᠡᠳᠡᠭᠡᠷ ᠡᠷᠬᠡ ᠶᠢ ᠬᠦᠴᠦᠨ ᠦᠭᠡᠢ ᠪᠣᠯᠭᠠᠬᠤ ᠨᠢ ᠠᠰᠢᠭ ᠲᠤᠰᠠ ᠳᠤ ᠬᠠᠯᠳᠠᠬᠤ ᠪᠣᠯᠣᠨ᠎ᠠ᠃ ᠭᠡᠪᠡᠴᠦ | ᠠᠷᠠᠳ ᠤᠯᠠᠨ ᠤ ᠦᠨᠳᠦᠰᠦᠨ ᠠᠰᠢᠭ ᠲᠤᠰᠠ ᠶᠢᠨ ᠲᠥᠯᠥᠭᠡ᠂ ᠪᠢᠳᠡ ᠠᠪᠴᠤ ᠬᠠᠶᠠᠬᠤ ᠦᠭᠡᠢ ᠪᠠᠶᠢᠬᠤ ᠶᠢᠨ | ᠠᠷᠭ᠎ᠠ ᠦᠭᠡᠢ︕︾ ᠭᠡᠪᠡ᠃ | ᠲᠡᠷᠡ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠦᠷᠭᠦᠯᠵᠢᠯᠡᠨ ᠳᠦᠯᠬᠢᠨ ᠠᠬᠢᠭᠤᠯᠬᠤ ᠶᠢᠨ ᠬᠠᠮᠲᠤ᠂ | ᠨᠡᠩ ᠴᠦ ︽ᠪᠠᠭᠠᠲᠤᠷ ᠡᠷ᠎ᠡ ᠪᠠᠭᠤᠤ ᠪᠠᠨ ᠴᠠᠪᠴᠢᠭᠰᠠᠨ︾ ᠤ ᠳᠠᠷᠠᠭ᠎ᠠ᠂ ︽ᠳᠤᠷ᠎ᠠ ᠪᠠᠷ ᠢᠶᠠᠨ ᠰᠠᠷᠪᠠᠶᠢᠳᠠᠭ ᠭᠠᠷ︾ | ᠳᠠᠬᠢᠨ ᠤᠷᠭᠤᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ ᠃ | ᠯᠢ ᠺᠧ ᠴᠢᠶᠠᠩ ᠪᠠᠰᠠ ᠴᠢᠬᠤᠯᠠᠴᠢᠯᠠᠭᠰᠠᠨ ᠨᠢ᠂ ᠵᠠᠰᠠᠭ ᠢ ᠴᠤᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ | ᠨᠢ ︽ᠠᠶ᠎ᠠ ᠪᠠᠷ ᠨᠢ ᠲᠠᠯᠪᠢᠬᠤ︾ ᠶᠠᠪᠤᠳᠠᠯ ᠪᠢᠰᠢ᠂ ᠡᠭᠦᠨ ᠤ ᠡᠰᠡᠷᠭᠦ ᠪᠠᠷ ︽ᠬᠢᠨᠠᠨ ᠬᠠᠮᠢᠶᠠᠷᠬᠤ︾ ᠶᠢ | ᠴᠢᠩᠭᠠᠳᠬᠠᠬᠤ ᠬᠡᠷᠡᠭᠲᠡᠶ᠃ ᠬᠢᠨᠠᠨ ᠬᠠᠮᠢᠶᠠᠷᠬᠤ ᠬᠡᠳᠡᠭ ᠨᠢ᠂ ᠵᠠᠰᠠᠭ ᠤᠨ ᠣᠷᠳᠣᠨ ᠠᠴᠠ ᠡᠷᠬᠡ ᠲᠡᠭᠰᠢ ᠲᠥᠪ | ᠭᠤᠣᠯᠴᠢ ᠦᠨᠡᠨᠴᠢ ᠢᠲᠡᠭᠡᠮᠵᠢᠲᠡᠶ ᠪᠠᠶᠢᠬᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ | ᠶᠠᠪᠤᠳᠠᠯ ᠪᠣᠯᠣᠨ᠎ᠠ᠃ ︽ᠬᠠᠷᠢᠴᠠᠭ᠎ᠠ ᠬᠤᠯᠪᠣᠭ᠎ᠠ ᠲᠠᠢ᠂ ᠠᠷᠭ᠎ᠠ ᠵᠠᠮ ᠲᠠᠢ ᠬᠥᠮᠥᠰ ᠶᠣᠰᠣ ᠪᠣᠰᠤ ᠪᠠᠷ ᠠᠭᠠᠰᠢᠯᠠᠨ᠂ | ᠵᠠᠬ᠎ᠠ ᠳᠡᠯᠭᠡᠭᠦᠷ ᠳᠡᠭᠡᠷ᠎ᠡ ᠬᠠᠷᠭᠢᠰᠯᠠᠭᠤᠯᠵᠤ ᠪᠣᠯᠬᠤ ᠦᠭᠡᠢ᠃ ᠥᠷᠢᠰᠥᠯᠳᠦᠭᠡᠨ ᠤ ᠳᠤᠮᠳᠠ ᠠᠳᠠᠯᠢ ᠪᠤᠰᠤ ᠵᠠᠬ᠎ᠠ | ᠳᠡᠯᠭᠡᠭᠦᠷ ᠤᠨ ᠪᠡᠶᠡᠴᠢ ᠴᠣᠭᠴᠠ ᠳᠤ ᠡᠷᠬᠡᠪᠰᠢ ᠲᠥᠪ ᠭᠤᠣᠯᠴᠢ ᠪᠠᠷ ᠬᠠᠨᠳᠤᠬᠤ ᠬᠡᠷᠡᠭᠲᠡᠶ︾ ᠭᠡᠪᠡ᠃ | ᠯᠢ ᠺᠧ ᠴᠢᠶᠠᠩ ᠬᠡᠯᠡᠭᠰᠡᠨ ᠨᠢ᠂ ᠴᠦᠩᠴᠢᠩ ᠥᠭᠡᠷᠡᠴᠢᠯᠡᠯᠲᠡ ᠨᠡᠭᠡᠭᠡᠯᠲᠡ ᠶᠢᠨ ᠲᠠᠯ᠎ᠠ ᠪᠠᠷ ᠨᠢᠭᠡᠨᠲᠡ ᠡᠳᠦᠶ | ᠲᠡᠳᠦᠶ ᠲᠤᠷᠰᠢᠯᠭ᠎ᠠ ᠲᠠᠢ ᠪᠣᠯᠵᠠᠢ᠃ ᠬᠤᠶᠢᠰᠢᠳᠠ ᠳᠤᠮᠳᠠ ᠪᠠᠷᠠᠭᠤᠨ ᠣᠷᠣᠨ ᠤ ᠥᠭᠡᠷᠡᠴᠢᠯᠡᠯᠲᠡ ᠶᠢᠨ ᠭᠤᠣᠯ | ᠪᠠᠶᠢᠷᠢ ᠶᠢ ᠡᠵᠡᠯᠡᠨ᠂ ᠦᠯᠢᠭᠡᠷ ᠳᠠᠭᠤᠷᠢᠶᠠᠯ ᠪᠣᠯᠵᠤ᠂ ᠳᠤᠮᠳᠠ ᠪᠠᠷᠠᠭᠤᠨ ᠣᠷᠣᠨ ᠤ ᠥᠭᠡᠷᠡᠴᠢᠯᠡᠯᠲᠡ ᠨᠡᠭᠡᠭᠡᠯᠲᠡ | ᠶᠢᠨ ᠬᠤᠰᠢᠭᠤᠴᠢ ᠴᠡᠷᠢᠭ ᠪᠣᠯᠬᠤ ᠶᠢ ᠬᠦᠰᠡᠵᠦ ᠪᠠᠶᠢᠨ᠎ᠠ ᠭᠡᠪᠡ︕ | | ᠰᠢᠨ᠎ᠡ ᠠᠵᠤ ᠠᠬᠤᠶ ᠪᠣᠯ ᠠᠵᠤ ᠠᠬᠤᠶ ᠶᠢᠨ ᠪᠠᠭᠤᠷᠠᠯᠲᠠ ᠶᠢ ᠲᠤᠯᠬᠤ ᠴᠢᠬᠤᠯᠠ ᠲᠦᠰᠢᠭ ᠲᠤᠯᠭᠠᠭᠤᠷᠢ | ᠮᠥᠨ | ︽ᠣᠳᠣᠬᠠᠨ ᠳᠤ ᠰᠢᠨ᠎ᠡ ᠠᠵᠤ ᠠᠬᠤᠶ ᠶᠠᠭ ᠥᠷᠨᠢᠨ ᠬᠥᠭᠵᠢᠵᠦ ᠪᠤᠢ᠂ ᠡᠨᠡ ᠪᠣᠯ ᠠᠵᠤ ᠠᠬᠤᠶ ᠶᠢᠨ | ᠪᠠᠭᠤᠷᠠᠯᠲᠠ ᠶᠢ ᠲᠤᠯᠬᠤ ᠴᠢᠬᠤᠯᠠ ᠲᠦᠰᠢᠭ ᠲᠤᠯᠭᠠᠭᠤᠷᠢ ᠮᠥᠨ︾ ᠭᠡᠳ ᠯᠢ ᠺᠧ ᠴᠢᠶᠠᠩ ᠬᠡᠯᠡᠭᠰᠡᠨ ᠨᠢ᠂ ︽ | ᠭᠡᠪᠡᠴᠦ ᠪᠢ ᠨᠢᠭᠡ ᠵᠦᠢᠯ ᠢ ᠴᠢᠬᠤᠯᠠᠴᠢᠯᠠᠶ᠎ᠠ᠂ ᠰᠢᠨ᠎ᠡ ᠠᠵᠤ ᠠᠬᠤᠶ ᠪᠣᠯ ᠵᠥᠪᠬᠡᠨ ᠡᠯᠧᠺᠲᠷᠣᠨ ᠬᠤᠳᠠᠯᠳᠤᠭᠠᠨ ᠤ | ᠶᠠᠪᠤᠳᠠᠯ ᠪᠢᠰᠢ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠳᠤᠮᠳᠠ ᠴᠥᠮ ᠰᠢᠨ᠎ᠡ ᠠᠵᠤ ᠠᠬᠤᠶ | ᠬᠠᠳᠠᠭᠠᠯᠠᠭᠳᠠᠵᠤ ᠪᠠᠶᠢᠨ᠎ᠠ᠃ ᠦᠢᠯᠡᠳᠬᠦ ᠦᠢᠯᠡᠰ ︿+ ᠢᠨᠲ᠋ᠧᠷ ᠰᠦᠯᠵᠢᠶ᠎ᠡ﹀᠂ ᠰᠤᠷᠭᠠᠨ ᠬᠥᠮᠦᠵᠢᠯ᠂ ᠡᠮ ᠡᠮᠨᠡᠯᠭᠡ | ︿+ ᠢᠨᠲ᠋ᠧᠷ ᠰᠦᠯᠵᠢᠶ᠎ᠡ﹀ ᠪᠠᠶᠢᠵᠤ ᠪᠣᠯᠤᠨ᠎ᠠ᠃ ᠡᠭᠦᠨ ᠳᠤ ᠲᠠ ᠨᠠᠷ ᠤᠨ ᠶᠠᠷᠢᠭᠰᠠᠨ ᠰᠢᠭ᠋ ᠰᠢᠨ᠎ᠡ ᠮᠠᠶ᠋ᠢᠭ ᠤᠨ | ᠬᠤᠲᠠ ᠪᠠᠯᠭᠠᠰᠤᠵᠢᠯᠲᠠ ᠂ ᠲᠠᠷᠢᠶᠠᠴᠢᠳ ᠤᠨ ᠬᠤᠳᠠ ᠳᠤ ᠣᠷᠣᠬᠤ ᠠᠰᠠᠭᠤᠳᠠᠯ ᠢ ᠪᠣᠳᠣᠯᠬᠢᠯᠠᠬᠤ ᠬᠡᠷᠡᠭᠲᠡᠶ ᠪᠠᠷ | ᠪᠠᠷᠠᠬᠤ ᠦᠭᠡᠢ᠂ ᠬᠤᠳᠠ ᠶᠢᠨ ᠰᠠᠭᠤᠭᠠᠯᠢ ᠠᠷᠠᠳ ᠬᠥᠳᠡᠭᠡ ᠲᠣᠰᠬᠤᠨ ᠳᠤ ᠵᠢᠭᠤᠯᠴᠢᠯᠠᠬᠤ ᠪᠠᠷ ᠣᠴᠢᠬᠤ ᠣᠷᠣᠨ | ᠰᠠᠭᠤᠴᠠ ᠶᠢᠨ ᠬᠡᠷᠡᠭᠴᠡᠭᠡ ᠶᠢ ᠴᠦ ᠪᠣᠳᠣᠯᠬᠢᠯᠠᠬᠤ ᠬᠡᠷᠡᠭᠲᠡᠶ᠃ ᠡᠳᠡᠭᠡᠷ ᠨᠢ ᠴᠥᠮ ᠰᠢᠨ᠎ᠡ ᠠᠵᠤ ᠠᠬᠤᠶ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠣᠨ᠎ᠠ︾᠃ | ︽ᠮᠠᠨ ᠤ ᠰᠢᠨ᠎ᠡ ᠠᠵᠤ ᠠᠬᠤᠶ ᠶᠢ ᠬᠥᠭᠵᠢᠭᠦᠯᠬᠦ ᠣᠷᠣᠨ ᠵᠠᠶ ᠲᠦᠢᠯ ᠤᠨ ᠥᠷᠭᠡᠨ ᠠᠭᠤᠳᠠᠮ᠂ ᠭᠠᠵᠠᠷ | ᠪᠣᠯᠭᠠᠨ ᠳᠤ ᠴᠥᠮ ᠵᠠᠪᠰᠢᠶᠠᠨ ᠣᠷᠣᠰᠢᠵᠤ ᠪᠣᠢ ᠭᠡᠵᠦ ᠬᠡᠯᠡᠵᠦ ᠪᠣᠯᠤᠨ᠎ᠠ︾ ᠭᠡᠳ ᠯᠢ ᠺᠧ ᠴᠢᠶᠠᠩ ᠬᠡᠯᠡᠭᠰᠡᠨ ᠨᠢ᠂ | ︽ᠳᠤᠮᠳᠠᠳᠤ ᠤᠯᠤᠰ ᠨᠢᠭᠡᠨᠲᠡ ᠳᠤᠮᠳᠠ ᠵᠡᠷᠭᠡ ᠶᠢᠨ ᠣᠷᠣᠯᠭ᠎ᠠ ᠲᠠᠢ ᠤᠯᠤᠰ ᠤᠨ ᠡᠩᠨᠡᠭᠡᠨ ᠳᠤ ᠣᠷᠣᠵᠤ᠂ ᠢᠨᠲ᠋ᠧᠷ | ᠰᠦᠯᠵᠢᠶ᠎ᠡ ᠵᠡᠷᠭᠡ ᠲᠠᠯ᠎ᠠ ᠪᠠᠷ ᠵᠠᠷᠢᠮ ᠬᠥᠭᠵᠢᠭᠰᠡᠨ ᠤᠯᠤᠰ ᠲᠠᠢ ᠠᠳᠠᠯᠢᠬᠠᠨ ᠡᠬᠢᠯᠡᠯᠲᠡ ᠶᠢᠨ ᠱᠤᠭᠤᠮ ᠳᠡᠭᠡᠷ᠎ᠡ | ᠣᠷᠣᠰᠢᠵᠤ ᠪᠣᠢ᠃ ᠠᠵᠠ ᠲᠣᠬᠢᠶᠠᠯ ᠢ ᠵᠠᠪᠳᠤᠵᠤ ᠰᠢᠨ᠎ᠡ ᠬᠡᠯᠪᠡᠷᠢ ᠪᠠᠶᠢᠳᠠᠯ᠂ ᠰᠢᠨ᠎ᠡ ᠲᠧᠭᠨᠢᠭ ᠮᠡᠷᠭᠡᠵᠢᠯ᠂ ᠰᠢᠨ᠎ᠡ | ᠠᠵᠤ ᠦᠢᠯᠡᠰ ᠢ ᠬᠥᠭᠵᠢᠭᠦᠯᠦᠨ᠂ ᠰᠢᠨ᠎ᠡ ︿ᠠᠯᠲᠠ﹀ ᠶᠢ ᠣᠯᠬᠤ ᠬᠡᠷᠡᠭᠲᠡᠢ︾ ᠭᠡᠪᠡ᠃ | ᠯᠢ ᠺᠧ ᠴᠢᠶᠠᠩ ᠬᠡᠯᠡᠭᠰᠡᠨ ᠨᠢ᠂ ᠰᠢᠨ᠎ᠡ ᠠᠵᠤ ᠠᠬᠤᠶ ᠶᠢ ᠬᠥᠭᠵᠢᠭᠦᠯᠬᠦ ᠶᠢᠨ ᠬᠠᠮᠲᠤ ᠪᠠᠰᠠ ᠢᠨᠲ᠋ᠧᠷ | ᠰᠦᠯᠵᠢᠶ᠎ᠡ᠂ ᠪᠠᠷᠠᠭ᠎ᠠ ᠬᠤᠯᠪᠣᠭᠠᠨ ᠤ ᠰᠦᠯᠵᠢᠶ᠎ᠡ᠂ ᠡᠭᠦᠯᠡᠨ ᠪᠤᠳᠤᠯᠳᠠ ᠵᠡᠷᠭᠡ ᠰᠢᠨ᠎ᠡ ᠮᠡᠷᠭᠡᠵᠢᠯ ᠳᠤ ᠲᠦᠰᠢᠭᠯᠡᠨ᠂ | ᠤᠯᠠᠮᠵᠢᠯᠠᠯᠲᠤ ᠬᠥᠳᠡᠯᠭᠡᠭᠴᠢ ᠡᠨᠧᠷᠭᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠨ᠎ᠡ᠃ | ︽ᠴᠦᠩᠴᠢᠩ ᠤᠨ ᠬᠥᠭᠵᠢᠯᠲᠡ ᠳᠤ ︿ᠵᠠᠩᠭᠢᠯᠠᠭ᠎ᠠ ﹀ ᠶᠢ ᠠᠳᠬᠤᠵᠤ᠂ ᠣᠨᠣᠪᠴᠢᠲᠠᠢ ︿ᠰᠤᠳᠠᠯ ᠪᠠᠷᠢᠬᠤ﹀ | ᠬᠡᠷᠡᠭᠲᠡᠢ᠃ ᠡᠨᠡ ᠬᠦ ︿ᠵᠠᠩᠭᠢᠯᠠᠭ᠎ᠠ ﹀ ᠭᠡᠳᠡᠭ ᠨᠢ ᠳᠠᠷᠤᠶ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠶᠢ ᠤᠯᠠᠮ | ᠨᠢᠭᠡ ᠠᠯᠬᠤᠮ ᠲᠦᠷᠭᠡᠳᠬᠡᠬᠦ ᠶᠢ ᠬᠡᠯᠡᠨ᠎ᠡ᠂ ︿ᠰᠤᠳᠠᠯ ᠪᠠᠷᠢᠬᠤ﹀ ᠭᠡᠳᠡᠭ ᠨᠢ ᠰᠢᠨ᠎ᠡ ᠬᠥᠳᠡᠯᠭᠡᠭᠴᠢ ᠡᠨᠧᠷᠭᠢ ᠶᠢ | ᠥᠴᠦᠬᠡᠨ ᠴᠦ ᠲᠠᠲᠠᠭᠠᠯᠵᠠᠯ ᠦᠭᠡᠢ ᠪᠣᠶᠢᠵᠢᠭᠤᠯᠵᠤ᠂ ᠬᠠᠭᠤᠴᠢᠨ ᠬᠥᠳᠡᠯᠭᠡᠭᠴᠢ ᠡᠨᠧᠷᠭᠢ ᠶᠢ ᠥᠭᠡᠷᠡᠴᠢᠯᠡᠬᠦ ᠶᠢ | ᠬᠡᠯᠡᠨ᠎ᠡ︾ ᠭᠡᠳ ᠯᠢ ᠺᠧ ᠴᠢᠶᠠᠩ ᠬᠡᠯᠡᠭᠰᠡᠨ ᠨᠢ᠂ ︽ᠲᠠ ᠨᠠᠷ ᠢ ᠬᠦᠰᠡᠬᠦ ᠨᠢ ᠰᠢᠨ᠎ᠡ ᠬᠠᠭᠤᠴᠢᠨ ᠬᠥᠳᠡᠯᠭᠡᠭᠴᠢ | ᠡᠨᠧᠷᠭᠢ ᠶᠢᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠬᠤ ᠲᠠᠯ᠎ᠠ ᠪᠠᠷ᠂ ᠦᠷᠭᠦᠯᠵᠢᠯᠡᠨ ︿ᠮᠡᠷᠡᠶᠢᠨ ᠴᠢᠷᠮᠠᠶᠢᠬᠤ | ᠬᠡᠷᠡᠭᠲᠡᠢ﹀ ︾ ᠭᠡᠪᠡ᠃ | | ᠴᠦᠩᠴᠢᠩ ᠤᠨ ᠬᠥᠭᠵᠢᠯᠲᠡ ᠪᠦᠬᠦ ᠤᠯᠤᠰ ᠲᠤ ᠲᠡᠷᠢᠭᠦᠯᠡᠭᠰᠡᠨ ᠨᠢ᠂ ᠰᠢᠨᠲᠠᠷᠠᠰᠢ ᠦᠭᠡᠢ ᠵᠣᠷᠢᠭ ᠪᠠ | ᠤᠶᠠᠨ ᠴᠢᠨᠠᠷ ᠲᠠᠭᠠᠨ ᠲᠦᠰᠢᠭᠯᠡᠪᠡ | ︽ᠴᠦᠩᠴᠢᠩ ᠪᠣᠯ ᠮᠠᠨ ᠤ ᠤᠯᠤᠰ ᠤᠨ ᠳᠤᠮᠳᠠ ᠪᠠ ᠪᠠᠷᠠᠭᠤᠨ ᠣᠷᠣᠨ ᠳᠤ ᠪᠠᠶᠢᠭ᠎ᠠ ᠴᠣᠷ ᠤᠨ ᠭᠠᠭᠴᠠ | ᠰᠢᠭᠤᠳ ᠬᠠᠷᠢᠶ᠎ᠠ ᠬᠤᠲᠠ ᠪᠣᠯᠬᠤᠷ᠂ ᠬᠤᠲᠠ ᠲᠠᠢ ᠮᠥᠷᠲᠡᠭᠡᠨ ᠪᠠᠰᠠ ᠥᠷᠭᠡᠨ ᠠᠭᠤᠳᠠᠮ ᠬᠥᠳᠡᠭᠡ ᠲᠣᠰᠬᠤᠨ | ᠲᠠᠢ᠂ ᠡᠷᠭᠢᠨ ᠲᠣᠭᠤᠷᠢᠨ ᠥᠷᠭᠡᠨ ᠠᠭᠤᠳᠠᠮ᠂ ᠳᠤᠮᠳᠠ ᠪᠠ ᠪᠠᠷᠠᠭᠤᠨ ᠣᠷᠣᠨ ᠤ ᠬᠤᠷᠢᠶᠠᠩᠭᠤᠢ ᠳᠦᠷᠢ ᠪᠠᠶᠢᠳᠠᠯ | ᠭᠡᠵᠦ ᠬᠡᠯᠡᠵᠦ ᠪᠣᠯᠤᠨ᠎ᠠ︾ ᠭᠡᠵᠦ ᠶᠡᠷᠦᠩᠬᠡᠶ ᠰᠠᠶᠢᠳ ᠬᠡᠯᠡᠪᠡ᠃ | ︽ᠪᠢ ᠤᠯᠠᠨ ᠤᠳᠠᠭ᠎ᠠ ᠶᠠᠷᠢᠪᠠ᠂ ᠮᠠᠨ ᠤ ᠤᠯᠤᠰ ᠤᠨ ᠬᠥᠭᠵᠢᠯᠲᠡ ᠶᠢᠨ ᠬᠠᠮᠤᠭ ᠤᠨ ᠶᠡᠭᠡ ᠣᠷᠣᠨ ᠵᠠᠢ | ᠪᠣᠯ ᠳᠤᠮᠳᠠ ᠪᠠ ᠪᠠᠷᠠᠭᠤᠨ ᠣᠷᠣᠨ ᠪᠣᠯᠣᠨ᠎ᠠ᠃ ᠬᠡᠷᠪᠡ ᠳᠤᠮᠳᠠ ᠪᠠ ᠪᠠᠷᠠᠭᠤᠨ ᠣᠷᠣᠨ ᠬᠥᠭᠵᠢᠵᠦ ᠢᠷᠡᠪᠡᠯ᠂ | ᠮᠠᠨ ᠤ ᠬᠥᠭᠵᠢᠯᠲᠡ ᠨᠡᠩ ᠶᠡᠭᠡ ᠢᠳᠡ ᠬᠦᠴᠦᠨ ᠲᠠᠢ ᠪᠣᠯᠣᠨ᠎ᠠ᠃ ᠴᠦᠩᠴᠢᠩ ᠰᠠᠶᠢᠲᠤᠷ ᠬᠥᠭᠵᠢᠪᠡᠯ᠂ ᠥᠪᠡᠷ | ᠤᠨ ᠪᠡᠶ᠎ᠡ ᠲᠠᠢ ᠨᠢ ᠬᠤᠯᠪᠣᠭᠳᠠᠬᠤ ᠪᠠᠷ ᠪᠠᠷᠠᠬᠤ ᠦᠭᠡᠶ᠂ ᠮᠠᠨ ᠤ ᠳᠤᠮᠳᠠ ᠪᠠᠷᠠᠭᠤᠨ ᠣᠷᠣᠨ ᠤ ᠬᠥᠭᠵᠢᠯᠲᠡ ᠶᠢᠨ | ᠢᠲᠡᠭᠡᠯ ᠵᠣᠷᠢᠭ ᠢ ᠴᠦ ᠨᠡᠮᠡᠭᠳᠡᠭᠦᠯᠵᠤ ᠴᠢᠳᠠᠨ᠎ᠠ︾ ᠭᠡᠵᠦ ᠶᠡᠷᠦᠩᠬᠡᠶ ᠰᠠᠶᠢᠳ ᠬᠡᠯᠡᠪᠡ᠃ | ᠯᠢ ᠺᠧ ᠴᠢᠶᠠᠩ ᠴᠦᠩᠴᠢᠩ ᠤᠨ ᠬᠥᠬᠡᠮᠥ᠋ᠷᠡᠨ ᠤ ᠠᠵᠤ ᠠᠬᠤᠶ ᠶᠢᠨ ᠪᠦᠰᠡ ᠶᠢ ᠪᠦᠲᠦᠭᠡᠨ ᠪᠠᠶᠢᠭᠤᠯᠬᠤ | ᠳᠤ ᠪᠠᠶᠢᠯᠳᠤᠬᠤ ᠪᠤᠳᠤᠯᠭ᠎ᠠ ᠶᠢᠨ ᠲᠦᠰᠢᠭ ᠲᠤᠯᠭᠠᠭᠤᠷᠢ ᠶᠢᠨ ᠦᠢᠯᠡᠳᠦᠯ ᠪᠠᠳᠠᠷᠠᠭᠤᠯᠬᠤ ᠶᠢ ᠵᠣᠷᠢᠭᠵᠢᠭᠤᠯᠵᠤ᠂ | ᠳᠠᠯᠠᠢ ᠳᠠᠭᠠᠤ ᠣᠷᠣᠨ ᠪᠣᠯᠤᠨ ᠳᠤᠮᠳᠠ ᠪᠠᠷᠠᠭᠤᠨ ᠣᠷᠣᠨ ᠬᠠᠷᠢᠯᠴᠠᠨ ᠲᠤᠯᠭᠠᠭᠤᠷᠢᠯᠠᠵᠤ᠂ ᠬᠠᠷᠢᠯᠴᠠᠨ | ᠠᠬᠢᠭᠤᠯᠤᠭᠰᠠᠨ ᠰᠢᠨ᠎ᠡ ᠪᠠᠶᠢᠷᠢᠰᠢᠯ ᠢ ᠲᠥᠯᠥᠪᠯᠡᠨ ᠪᠠᠶᠢᠷᠢᠯᠠᠭᠤᠯᠬᠤ ᠬᠡᠷᠡᠭᠲᠡᠶ᠃ ︽ᠲᠡᠷᠢᠭᠦᠨ ᠰᠡᠭᠦᠯ ᠬᠠᠮᠲᠤ ᠪᠠᠷ | ᠬᠥᠳᠡᠯᠦᠯᠴᠡᠪᠡᠯ᠂ ᠪᠦᠬᠦ᠋ᠢᠯᠡ ᠬᠥᠬᠡᠮᠥ᠋ᠷᠡᠨ ᠤ ᠠᠵᠤ ᠠᠬᠤᠶ ᠶᠢᠨ ᠪᠦᠰᠡ ︿ᠠᠮᠢᠯᠠᠵᠤ﹀ ᠴᠢᠳᠠᠨ᠎ᠠ︾᠃ | ︽ᠴᠦᠩᠴᠢᠩ ᠳᠤ ᠪᠠ ᠱᠦ᠋ᠦ ᠰᠣᠶᠣᠯ ᠤᠨ ᠤᠯᠠᠮᠵᠢᠯᠠᠯ ᠲᠠᠢ᠂ ᠵᠣᠷᠢᠭᠲᠠᠶ ᠤᠷᠤᠭᠰᠢᠯᠠᠵᠤ ᠵᠣᠷᠢᠭᠲᠠᠶ ᠬᠢᠳᠡᠭ | ᠃ ᠴᠦᠩᠴᠢᠩ ᠤᠨ ᠬᠥᠭᠵᠢᠯᠲᠡ ᠪᠦᠬᠦ ᠤᠯᠤᠰ ᠲᠤ ᠲᠡᠷᠢᠭᠦᠯᠡᠵᠦ ᠪᠠᠶᠢᠭ᠎ᠠ ᠶᠢᠨ ᠤᠴᠢᠷ ᠨᠢ ᠰᠢᠨᠲᠠᠷᠠᠰᠢ ᠦᠭᠡᠢ | ᠵᠣᠷᠢᠭ ᠪᠠ ᠤᠶᠠᠨ ᠴᠢᠨᠠᠷ ᠲᠠᠭᠠᠨ ᠲᠦᠰᠢᠭᠯᠡᠪᠡ︾ ᠭᠡᠳ ᠯᠢ ᠺᠧ ᠴᠢᠶᠠᠩ ᠬᠠᠮᠤᠭ ᠡᠴᠦᠰ ᠲᠤ ᠬᠡᠯᠡᠭᠰᠡᠨ ᠨᠢ᠂ ︽ | ᠴᠦᠩᠴᠢᠩ ᠢ ᠬᠦᠰᠡᠬᠦ ᠨᠢ ︿ᠨᠠᠢᠮᠠᠯᠵᠢ ᠢᠳᠡᠬᠦ﹀ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠷᠭᠦᠯᠵᠢᠯᠡᠨ ᠳᠠᠭᠠᠭᠤᠯᠵᠤ | ᠂ ᠪᠦᠬᠦ ᠤᠯᠤᠰ ᠤᠨ ᠠᠵᠤ ᠠᠬᠤᠶ ᠶᠢᠨ ᠬᠥᠭᠵᠢᠯᠲᠡ ᠶᠢ ᠲᠤᠰᠠᠯᠠᠬᠤ ᠬᠡᠷᠡᠭᠲᠡᠶ︾ ᠭᠡᠪᠡ᠃ |