ᠪᠤᠭᠤᠲᠤ ᠬᠤᠳᠠ 2016 ᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠯᠵᠢᠭᠦᠯᠦᠨ ᠥᠭᠬᠦ ᠲᠤᠰᠬᠠᠢ ᠪᠡᠯᠡ ᠮᠥᠩᠭᠦ ᠶᠢ 4540 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2016/3/9
      ᠣᠶᠢᠷ᠎ᠠ ᠳᠤ᠂ ︽2016 ᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠯᠵᠢᠭᠦᠯᠦᠨ ᠦᠭᠬᠦ‍ ᠨᠢᠭᠡ ᠪᠦᠯᠦᠭ ᠲᠤᠰᠬᠠᠢ ᠭᠦᠢᠴᠡᠳᠭᠡᠯ ᠲᠤᠭ᠎ᠠ ᠶᠢ ᠤᠷᠢᠳᠴᠢᠯᠠᠨ ᠪᠠᠭᠤᠯᠭᠠᠬᠤ ᠲᠤᠬᠠᠢ ᠦᠪᠦᠷ ᠮᠣᠩᠭᠤᠯ ᠤᠨ ᠦᠪᠡᠷᠲᠡᠭᠡᠨ ᠵᠠᠰᠬᠠᠤ ᠤᠷᠤᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠲᠠᠷᠢᠶᠠᠯᠠᠩ ﹇2015﹈ 2060 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠬᠤᠳᠠ ᠶᠢᠨ ᠡᠳ᠋ ᠤᠨ ᠵᠠᠰᠠᠭ ᠤᠨ ᠲᠣᠪᠴᠢᠶᠠᠨ ᠠᠴᠠ 2016 ᠣᠨ ᠤ ᠲᠠᠷᠢᠶᠠᠯᠠᠩ ᠮᠠᠯ ᠠᠵᠤ ᠠᠬᠤᠶ ᠶᠢᠨ 4540 ᠲᠦᠮᠡᠨ ᠲᠥᠭᠦᠷᠢᠭ ᠤᠨ ᠲᠤᠰᠬᠠᠶ ᠰᠢᠯᠵᠢᠭᠦᠯᠦᠨ ᠥᠭᠬᠦ‍ ᠨᠢᠭᠡ ᠪᠦᠯᠦᠭ ᠪᠡᠯᠡ ᠮᠥᠩᠭᠦ ᠶᠢ ᠡᠯ᠎ᠡ ᠬᠤᠰᠢᠭᠤ ᠰᠢᠶᠠᠨ ᠲᠣᠭᠤᠷᠢᠭ ᠲᠤ ᠪᠠᠭᠤᠯᠭᠠᠪᠠ᠃ ᠡᠨᠡ ᠤᠳᠠᠭᠠᠨ ᠤ ᠨᠥᠬᠦᠪᠥᠷᠢ ᠪᠡᠯᠡ ᠮᠥᠩᠭᠦ ᠳᠤ ᠭᠤᠣᠯᠳᠠᠭᠤ ᠭᠦᠶᠡᠩ ᠰᠢᠶᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠠ ᠵᠢᠤ ᠶᠤᠸᠠᠨ ᠲᠣᠭᠤᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠠᠩᠬ᠎ᠠ ᠡᠳ᠋ᠰᠢᠭᠦᠯᠭᠡ ᠶᠢᠨ ᠨᠥᠬᠦᠪᠥᠷᠢ 900 ᠲᠦᠮᠡᠨ ᠲᠥᠭᠦᠷᠢᠭ᠂ ᠡᠯ᠎ᠡ ᠬᠤᠰᠢᠭᠤ ᠰᠢᠶᠠᠨ ᠲᠣᠭᠤᠷᠢᠭ ᠤᠨ ᠠᠮᠢᠲᠠᠨ ᠤ ᠬᠢᠵᠢᠭ ᠰᠡᠷᠭᠡᠶᠢᠯᠡᠬᠦ ᠨᠦᠬᠦᠪᠦᠷᠢ ᠶᠢᠨ ᠪᠡᠯᠡ ᠮᠥᠩᠭᠦ 210 ᠲᠦᠮᠡᠨ ᠲᠥᠭᠦᠷᠢᠭ᠂ ᠵᠢᠴᠢ ᠮᠠᠨ ᠤ ᠬᠤᠲᠠ ᠶᠢᠨ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠯᠲᠠ ᠶᠢᠨ ᠦᠨᠡᠮᠯᠡᠯ ᠬᠢᠵᠦ ᠦᠭᠬᠦ ᠨᠥᠬᠦᠪᠥᠷᠢ ᠶᠢᠨ ᠪᠡᠯᠡ ᠮᠥᠩᠭᠦ 3430 ᠲᠦᠮᠡᠨ ᠲᠥᠭᠦᠷᠢᠭ ᠢ ᠪᠠᠭᠲᠠᠭᠠᠨ᠎ᠠ᠃ ᠪᠡᠯᠡ ᠮᠥᠩᠭᠦ ᠶᠢ ᠲᠣᠭᠲᠠᠭᠰᠠᠨ ᠭᠠᠵᠠᠷ ᠤᠷᠢᠳᠴᠢᠯᠠᠨ ᠪᠠᠭᠤᠯᠭᠠᠬᠤ ᠨᠢ᠂ ᠲᠤᠬᠠᠶ ᠶᠢᠨ ᠭᠠᠵᠠᠷ ᠤᠨ ᠡᠯ᠎ᠡ ᠵᠦᠢᠯ ᠤᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠢ ᠡᠷᠲᠡᠬᠡᠨ ᠦᠷᠨᠢᠭᠦᠯᠦᠨ᠂ ᠡᠷᠲᠡᠬᠡᠨ ᠪᠣᠳᠠᠲᠠᠶᠢᠵᠢᠭᠤᠯᠬᠤ ᠳᠤ ᠲᠤᠰᠠ ᠦᠵᠡᠭᠦᠯᠬᠦ ᠪᠣᠯᠤᠨ᠎ᠠ᠃ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠬᠤᠳᠠ ᠶᠢᠨ ᠡᠳ᠋ ᠤᠨ ᠵᠠᠰᠠᠭ ᠠᠴᠠ ᠴᠠᠭ ᠲᠤᠬᠠᠶ ᠳᠤᠨᠢ ᠵᠢᠷᠤᠮ ᠶᠣᠰᠣᠭᠠᠷ ᠪᠡᠯᠠ ᠮᠥᠩᠭᠦ ᠶᠢ ᠰᠢᠯᠵᠢᠭᠦᠯᠦᠨ ᠦᠭᠴᠦ᠂ ᠲᠤᠰᠬᠠᠶ ᠪᠡᠯᠡ ᠮᠦᠩᠭᠦ ᠶᠢ ᠲᠤᠰᠬᠠᠶ ᠬᠡᠷᠡᠭᠯᠡᠬᠦ ᠶᠢ ᠦᠨᠡᠨᠬᠦ ᠪᠠᠲᠤᠯᠠᠨ᠂ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠵᠦ ᠬᠠᠮᠢᠶ᠎ᠠ ᠪᠦᠭᠦᠢ ᠭᠠᠵᠠᠷ ᠣᠷᠣᠨ ᠢ ᠱᠠᠭᠠᠷᠳᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号