ᠰᠢᠯᠢ ᠶᠢᠨ ᠭᠤᠣᠯ ᠠᠶᠢᠮᠠᠭ ᠤᠨ ᠤᠨᠴᠠᠯᠢᠭ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ ᠢᠶᠠᠷ ᠭᠡᠷᠡᠴᠢᠯᠡᠬᠦ ᠲᠠᠸᠠᠷ ᠤᠨ ᠲᠡᠮᠳᠡᠭᠲᠦ ᠶᠢ ᠭᠤᠶᠤᠴᠢᠯᠠᠬᠤ ᠠᠵᠢᠯ ᠤᠷᠤᠭᠰᠢᠲᠠᠶ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2016/3/9
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠤᠳᠤᠷᠢᠳᠤᠯᠭ᠎ᠠ ᠰᠢᠯᠢ ᠶᠢᠨ ᠭᠤᠣᠯ ᠠᠶᠢᠮᠠᠭ ᠤᠨ ᠠᠵᠤ ᠠᠬᠤᠶ ᠪᠠ ᠮᠡᠳᠡᠭᠡ ᠵᠠᠩᠬᠢᠴᠢᠯᠠᠯᠳᠠ ᠶᠢᠨ ᠵᠥᠪᠯᠡᠯ᠂ ᠰᠢᠯᠢ ᠶᠢᠨ ᠭᠤᠣᠯ ᠠᠶᠢᠮᠠᠭ ᠤᠨ ᠢᠳᠡᠭᠡᠨ ᠡᠮ ᠤᠨ ᠵᠦᠢᠯ ᠠᠵᠤ ᠦᠢᠯᠡᠳᠪᠦᠷᠢ ᠬᠤᠳᠠᠯᠳᠤᠭᠠᠨ ᠤ ᠲᠤᠪᠴᠢᠶ᠎ᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠶᠢ ᠳᠠᠭᠠᠭᠤᠯᠤᠨ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ ᠶᠢᠨ ᠲᠠᠸᠠᠷ ᠤᠨ ᠲᠡᠮᠳᠡᠭᠲᠦ ᠶᠢᠨ ᠲᠣᠪᠴᠢᠶᠠᠨ ᠳᠤ ᠬᠦᠷᠴᠦ ᠰᠢᠯᠢ ᠶᠢᠨ ᠭᠤᠣᠯ ᠠᠶᠢᠮᠠᠭ ᠤᠨ ᠤᠨᠴᠠᠯᠢᠭ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠲᠡᠬᠦᠨ ᠤ ᠭᠠᠵᠠᠷ ᠵᠦᠢ ᠶᠢᠨ ᠪᠡᠯᠭᠡ ᠲᠡᠮᠳᠡᠭ ᠢᠶᠠᠷ ᠭᠡᠷᠡᠴᠢᠯᠡᠬᠦ ᠲᠠᠸᠠᠷ ᠤᠨ ᠲᠡᠮᠳᠡᠭᠲᠦ ᠶᠢᠨ ᠤᠴᠢᠷ ᠶᠠᠪᠤᠳᠠᠯ ᠲᠠᠢ ᠵᠤᠯᠭᠠᠯᠳᠤᠭᠤᠯᠪᠠ᠃ ᠰᠢᠯᠢ ᠶᠢᠨ ᠭᠤᠣᠯ ᠠᠶᠢᠮᠠᠭ ᠤᠨ ᠤᠨᠴᠠᠯᠢᠭ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ ᠢᠶᠠᠷ ᠭᠡᠷᠡᠴᠢᠯᠡᠬᠦ ᠲᠠᠸᠠᠷ ᠤᠨ ᠲᠡᠮᠳᠡᠭᠲᠦ ᠭᠤᠶᠤᠴᠢᠯᠠᠬᠤ ᠠᠵᠢᠯ ᠢ ᠨᠢᠭᠡᠨᠲᠡ ᠸᠠᠨ ᠱᠠᠩ ᠲᠢᠶᠠᠨ ᠯᠧ ︵ᠱᠧᠨᠵᠧᠨ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠤ ᠨᠠᠶᠢᠳᠠᠨ ᠭᠤᠶᠤᠴᠢᠯᠠᠯ ᠤᠨ ᠮᠠᠲ᠋ᠧᠷᠢᠶᠠᠯ ᠢ ᠵᠤᠬᠢᠶᠠᠨ ᠪᠠᠶᠢᠭᠤᠯᠤᠨ ᠣᠷᠣᠯᠠᠨ ᠭᠤᠶᠤᠴᠢᠯᠠᠵᠤ᠂ ᠭᠤᠶᠤᠴᠢᠯᠠᠯ ᠤᠨ ᠮᠠᠲ᠋ᠧᠷᠢᠶᠠᠯ ᠢ ᠤᠳᠤ ᠨᠢᠭᠡᠨᠲᠡ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ ᠶᠢᠨ ᠲᠠᠸᠠᠷ ᠤᠨ ᠲᠡᠮᠳᠡᠭᠲᠦ ᠶᠢᠨ ᠲᠣᠪᠴᠢᠶᠠᠨ ᠳᠤ ᠮᠡᠳᠡᠭᠦᠯᠵᠦ᠂ ᠪᠠᠰᠠ ᠨᠢᠭᠡ ᠬᠡᠰᠡᠭ ᠲᠡᠦᠬᠡ ᠶᠢᠨ ᠮᠠᠲ᠋ᠧᠷᠢᠶᠠᠯ ᠢ ᠨᠥᠬᠦᠪᠥᠷᠢᠯᠡᠬᠦ ᠴᠢᠬᠤᠯᠠᠲᠠᠶ ᠪᠠᠶᠢᠪᠠ᠃ ᠭᠠᠵᠠᠷ ᠵᠦᠢ ᠶᠢᠨ ᠪᠡᠯᠭᠡ ᠲᠡᠮᠳᠡᠭ ᠢᠶᠠᠷ ᠭᠡᠷᠡᠴᠢᠯᠡᠬᠦ ᠲᠠᠸᠠᠷ ᠤᠨ ᠲᠡᠮᠳᠡᠭᠲᠦ ᠶᠢ ᠭᠤᠶᠤᠴᠢᠯᠠᠬᠤ ᠪᠠᠷ ᠳᠠᠮᠵᠢᠭᠤᠯᠤᠨ᠂ ᠰᠢᠯᠢ ᠶᠢᠨ ᠭᠤᠣᠯ ᠠᠶᠢᠮᠠᠭ ᠤᠨ ᠣᠨᠴᠠᠯᠢᠭ ᠪᠦᠬᠦᠢ ᠳᠠᠪᠠᠭᠤᠯᠢᠭ ᠠᠵᠤ ᠦᠢᠯᠡᠰ ᠤᠨ ᠨᠡᠷ᠎ᠡ ᠠᠯᠳᠠᠷ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠲᠤᠰ ᠭᠠᠵᠠᠷ ᠣᠷᠣᠨ ᠤ ᠪᠠᠨ ᠳᠠᠪᠠᠭᠤᠯᠢᠭ ᠨᠡᠷᠡᠲᠦ ᠲᠡᠮᠳᠡᠭᠲᠦ ᠭᠡᠭᠡᠭᠳᠡᠬᠦ ᠠᠴᠠ ᠵᠠᠶᠢᠯᠠᠬᠤ ᠶᠢᠨ ᠬᠠᠮᠲᠤ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠨᠡᠷᠡᠳᠥ ᠪᠦᠲᠦᠭᠡᠭᠲᠡᠬᠦᠨ ᠢ ᠲᠡᠮᠳᠡᠭᠴᠢᠯᠡᠭᠰᠡᠨ ᠬᠥᠭᠵᠢᠯᠲᠡ ᠶᠢᠨ ᠵᠠᠮ ᠳᠤ ᠤᠷᠤᠭᠤᠯᠵᠠᠢ᠃      ᠰᠢᠯᠢ ᠶᠢᠨ ᠭᠤᠣᠯ ᠤᠨ ᠤᠯᠠᠭᠠᠨ ᠢᠳᠡᠭᠡᠨ ᠤ ᠨᠡᠶᠢᠭᠡᠮᠯᠢᠭ ︽ᠰᠢᠯᠢ ᠶᠢᠨ ᠭᠤᠤᠯ ᠬᠤᠨᠢ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠬᠤᠨᠢ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠬᠤᠨᠢᠨ ᠮᠢᠬ᠎ᠠ᠂ ᠰᠢᠯᠢ ᠶᠢᠨ ᠭᠤᠣᠯ ᠦᠬᠡᠷ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠦᠬᠡᠷ᠂ ᠰᠢᠯᠢ ᠶᠢᠨ ᠭᠤᠣᠯ ᠤᠨ ᠦᠬᠡᠷ ᠤᠨ ᠮᠢᠬ᠎ᠠ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠦᠬᠡᠷ ᠤᠨ ᠮᠢᠬ᠎ᠠ︾ ᠭᠡᠬᠦ 7 ᠭᠠᠵᠠᠷ ᠵᠦᠢ ᠶᠢᠨ ᠪᠡᠯᠭᠡ ᠲᠡᠮᠳᠡᠭ ᠢᠶᠠᠷ ᠭᠡᠷᠡᠴᠢᠯᠡᠬᠦ ᠲᠠᠸᠠᠷ ᠤᠨ ᠲᠡᠮᠳᠡᠭᠲᠦ ᠶᠢ ᠭᠤᠶᠤᠴᠢᠯᠠᠨ ᠳᠠᠩᠰᠠᠯᠠᠭᠤᠯᠬᠤ ᠪᠠᠷ ᠲᠦᠯᠦᠪᠯᠡᠵᠦ ᠪᠠᠶᠢᠨ᠎ᠠ︔ ᠰᠢᠯᠢ ᠶᠢᠨ ᠭᠤᠣᠯ ᠠᠶᠢᠮᠠᠭ ᠤᠨ ᠤᠯᠠᠮᠵᠢᠯᠠᠯᠲᠤ ᠴᠠᠭᠠᠨ ᠢᠳᠡᠭᠡᠨ ᠤ ᠨᠡᠶᠢᠭᠡᠮᠯᠢᠭ ︽ᠰᠢᠯᠢ ᠶᠢᠨ ᠭᠤᠤᠯ ᠤᠨ ᠴᠠᠭᠠᠨ ᠢᠳᠡᠭᠡᠨ᠂ ᠰᠢᠯᠢ ᠶᠢᠨ ᠭᠤᠣᠯ ᠤᠨ ᠮᠣᠷᠢ᠂ ᠰᠢᠯᠢ ᠶᠢᠨ ᠭᠤᠣᠯ ᠤᠨ ᠴᠡᠭᠡ︾ ᠭᠡᠬᠦ 3  ᠭᠠᠵᠠᠷ ᠵᠦᠢ ᠶᠢᠨ ᠪᠡᠯᠭᠡ ᠲᠡᠮᠳᠡᠭ ᠢᠶᠠᠷ ᠭᠡᠷᠡᠴᠢᠯᠡᠬᠦ ᠲᠠᠸᠠᠷ ᠤᠨ ᠲᠡᠮᠳᠡᠭᠲᠦ ᠶᠢ ᠭᠤᠶᠤᠴᠢᠯᠠᠨ ᠳᠠᠩᠰᠠᠯᠠᠭᠤᠯᠬᠤ ᠪᠠᠷ ᠲᠦᠯᠦᠪᠯᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号