ᠥᠪᠥᠷ ᠮᠣᠩᠭᠤᠯ ᠨᠢᠭᠲᠠᠯᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠭᠰᠡᠨ ᠪᠠᠶᠢᠳᠠᠯ ᠢ ᠠᠩᠬ᠎ᠠ ᠤᠳᠠᠭ᠎ᠠ ᠲᠤᠰᠬᠠᠶᠢᠯᠠᠨ ᠯᠠᠪᠯᠠᠨ ᠠᠰᠠᠭᠤᠪᠡ
ᠨᠡᠶᠢᠲᠡᠯᠡᠭᠰᠡᠨ ᠴᠠᠭ᠄
2016/4/1
     3 ᠳ᠋ᠤᠭᠠᠷ ᠰᠠᠷ᠎ᠠ ᠶᠢᠨ 29᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯᠳᠤᠭᠠᠨ ᠳᠤᠭᠤᠶᠢᠯᠠᠩ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠤᠨ ᠭᠦᠢᠴᠡᠳᠬᠡᠯ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ ᠶᠢᠨ 2015 ᠣᠨ ᠤ ᠬᠢᠨᠠᠨ ᠪᠤᠲᠣᠯᠲᠠ ᠳᠤ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠭᠰᠡᠨ ᠪᠠᠶᠢᠳᠠᠯ ᠤᠨ ᠲᠤᠬᠠᠶ ᠠᠩᠬ᠎ᠠ ᠤᠳᠠᠭ᠎ᠠ ᠲᠤᠰᠬᠠᠶᠢᠯᠠᠨ ᠯᠠᠪᠯᠠᠨ ᠠᠰᠠᠭᠤᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠡᠷᠬᠢᠯᠡᠭᠴᠢ ᠸᠠᠩ ᠵᠢᠶᠦ᠋ᠨ ᠬᠤᠷᠠᠯ ᠡᠷᠭᠢᠯᠡᠪᠡ᠃ ᠡᠨᠡ ᠤᠳᠠᠭᠠᠨ ᠤ ᠲᠤᠰᠬᠠᠶᠢᠯᠠᠨ ᠯᠠᠪᠯᠠᠨ ᠠᠰᠠᠭᠤᠬᠤ ᠠᠵᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡᠨ ᠳᠡᠭᠡᠷ᠎ᠡ ᠠᠩᠬ᠎ᠠ ᠤᠳᠠᠭ᠎ᠠ ᠬᠢᠵᠦ ᠪᠠᠶᠢᠭ᠎ᠠ ᠮᠥᠷᠲᠡᠭᠡᠨ ᠮᠥᠨᠴᠦ ᠬᠢᠨᠠᠨ ᠪᠣᠳᠣᠬᠤ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠨᠢᠳᠤᠨᠤᠨ ᠤ ᠬᠢᠨᠠᠨ ᠪᠤᠲᠣᠯᠲᠠ ᠳᠤ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠭᠰᠡᠨ ᠠᠵᠢᠯ ᠢᠶᠠᠨ ᠠᠩᠬ᠎ᠠ ᠤᠳᠠᠭ᠎ᠠ ᠮᠡᠳᠡᠭᠦᠯᠦᠭᠰᠡᠨ ᠤ ᠳᠠᠷᠠᠭᠠᠬᠢ ᠪᠠᠰᠠ ᠨᠢᠭᠡᠨ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠮᠥᠨ᠃      ᠬᠠᠮᠲᠤᠷᠠᠭᠰᠠᠨ ᠳᠤᠭᠤᠶᠢᠯᠠᠩ ᠤᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠳᠤᠸᠠᠨ ᠶᠢᠩ ᠵᠡᠷᠭᠡ 8 ᠬᠥᠮᠦᠨ ᠲᠤᠰ ᠲᠤᠰ ᠬᠢᠨᠠᠨ ᠪᠤᠳᠤᠯᠳᠠ ᠶᠢᠨ ᠴᠡᠭᠴᠡᠯᠡᠨ ᠥᠭᠡᠷᠡᠴᠢᠯᠡᠬᠦ ᠡᠷᠴᠢᠮ ᠢᠶᠠᠨ ᠨᠡᠮᠡᠭᠳᠡᠭᠦᠯᠬᠦ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠵᠢᠴᠢ ᠲᠥᠰᠦᠪ ᠢ ᠨᠠᠷᠢᠯᠢᠭᠵᠢᠭᠤᠯᠤᠭᠰᠠᠨ ᠦᠭᠡᠢ᠂ ᠲᠤᠰᠬᠠᠶ ᠪᠡᠯᠡ ᠮᠥᠩᠭᠦ ᠶᠢ ᠲᠠᠰᠤᠲᠠᠨ ᠥᠯᠡᠳᠡᠭᠡᠵᠦ ᠨᠡᠭᠦᠯᠭᠡᠨ ᠬᠡᠷᠡᠭᠯᠡᠬᠦ᠂ ᠡᠳ᠋ ᠤᠨ ᠵᠠᠰᠠᠭ ᠤᠨ ᠪᠡᠯᠡ ᠮᠥᠩᠭᠦ ᠶᠢ ᠰᠠᠭᠠᠲᠠᠭᠠᠬᠤ ᠵᠡᠷᠭᠡ ᠠᠰᠠᠭᠤᠳᠠᠯ ᠤᠳ ᠢ ᠯᠠᠪᠯᠠᠨ ᠠᠰᠠᠭᠤᠪᠠ᠃ ᠬᠢᠨᠠᠨ ᠪᠤᠳᠦᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 8 ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠰᠠᠭᠤᠳᠠᠯ ᠳᠤ ᠰᠢᠭᠤᠳ ᠴᠢᠭᠯᠡᠭᠦᠯᠦᠨ᠂ ᠲᠤᠰ ᠲᠤᠰ ᠨᠠᠷᠢᠨ ᠬᠢᠨᠠᠮᠠᠭᠠᠶ ᠪᠥᠭᠡᠳ ᠢᠳᠡᠪᠬᠢᠲᠡᠶ ᠬᠠᠷᠢᠭᠤᠯᠲᠠ ᠥᠭᠴᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠹᠦ᠋ ᠲᠠᠢ ᠽᠧᠩ ᠥᠪᠥᠷ ᠤᠨ ᠢᠯᠡᠳᠬᠡᠵᠡᠢ᠃      ᠡᠨᠡ ᠤᠳᠠᠭᠠᠨ ᠤ ᠲᠤᠰᠬᠠᠶᠢᠯᠠᠨ ᠯᠠᠪᠯᠠᠨ ᠠᠰᠠᠭᠤᠯᠲᠠ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠲᠡᠭᠦᠯᠳᠡᠷᠵᠢᠭᠦᠯᠵᠦ᠂ ᠬᠢᠨᠠᠨ ᠪᠤᠲᠣᠯᠲᠠ ᠳᠤ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ᠂ ᠳᠦᠷᠢᠮᠵᠢᠭᠦᠯᠬᠦ᠂ ᠤᠷᠲᠤ ᠬᠤᠭᠤᠴᠠᠭ᠎ᠠ ᠪᠠᠷ ᠬᠦᠴᠦᠨ ᠲᠡᠭᠦᠯᠳᠡᠷ ᠪᠠᠶᠢᠬᠤ ᠶᠢ ᠠᠬᠢᠭᠤᠯᠵᠤ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠠᠵᠢᠯᠯᠠᠭ᠎ᠠ ᠶᠢ ᠵᠢᠷᠤᠮᠵᠢᠭᠤᠯᠬᠤ ᠳᠤ ᠴᠥᠮ ᠢᠳᠡᠪᠬᠢᠲᠡᠶ ᠦᠢᠯᠡᠳᠦᠯ ᠦᠵᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号