ᠣᠷᠳᠣᠰ ᠬᠤᠲᠠ ᠪᠦᠬᠦ ᠬᠤᠲᠠ ᠶᠢᠨ ᠵᠢᠭᠤᠯᠴᠢᠯᠠᠯ ᠳᠤ ᠦᠢᠯᠡᠴᠢᠯᠡᠬᠦ ᠭᠠᠵᠠᠷ ᠤᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠪᠠ
ᠨᠡᠶᠢᠲᠡᠯᠡᠭᠰᠡᠨ ᠴᠠᠭ᠄
2016/4/11
      ᠣᠶᠢᠷ᠎ᠠ ᠳᠤ᠂ ᠤᠷᠳᠤᠰ ᠬᠤᠳᠠ ᠶᠢᠨ ᠵᠢᠭᠤᠯᠴᠢᠯᠠᠯ ᠤᠨ ᠲᠣᠪᠴᠢᠶᠠᠨ ᠠᠴᠠ ᠦᠢᠯᠡᠴᠢᠯᠡᠭᠡᠨ ᠤ ᠲᠣᠣᠷ ᠴᠢᠭ᠋ ᠤᠨ ᠡᠵᠡᠩᠨᠡᠯᠲᠡ ᠬᠠᠮᠢᠶᠠᠷᠤᠯᠲᠠ᠂ ᠵᠢᠭᠤᠯᠴᠢᠯᠠᠯ ᠤᠨ ᠭᠡᠷ᠎ᠡ ᠲᠣᠭᠲᠠᠬᠤ ᠵᠡᠷᠭᠡ ᠲᠠᠯ᠎ᠠ ᠶᠢᠨ ᠲᠣᠭᠤᠷᠢᠨ ᠳᠤ᠂ ᠤᠷᠳᠤᠰ ᠬᠤᠳᠠ ᠶᠢᠨ ᠵᠤᠭᠠᠴᠠᠯ ᠳᠤ ᠦᠢᠯᠡᠴᠢᠯᠡᠬᠦ ᠭᠠᠵᠠᠷ ᠤᠳ ᠲᠤ ᠬᠠᠤᠯᠢ ᠬᠡᠷᠡᠭᠵᠢᠭᠦᠯᠬᠦ ᠪᠠᠶᠢᠴᠠᠭᠠᠯᠲᠠ ᠬᠢᠵᠦ ᠠᠰᠠᠭᠤᠳᠠᠯ ᠣᠷᠣᠰᠢᠵᠤ ᠪᠠᠶᠢᠭ᠎ᠠ 2ᠵᠢᠭᠤᠯᠴᠢᠯᠠᠯ ᠳᠤ ᠦᠢᠯᠡᠴᠢᠯᠡᠬᠦ ᠭᠠᠵᠠᠷ ᠤᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠪᠠ᠃ ᠡᠭᠦᠨ ᠤ ᠬᠠᠮᠲᠤ᠂ ᠠᠰᠠᠭᠤᠳᠠᠯ ᠣᠷᠤᠰᠢᠵᠤ ᠪᠠᠶᠢᠭ᠎ᠠ ᠵᠢᠭᠤᠯᠴᠢᠯᠠᠯ ᠳᠤ ᠦᠢᠯᠡᠴᠢᠯᠡᠬᠦ ᠭᠠᠵᠠᠷ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠦ᠂ ᠵᠢᠭᠤᠯᠴᠢᠯᠠᠯ ᠤᠨ ᠭᠡᠷ᠎ᠡ ᠶᠢᠨ ᠵᠢᠷᠤᠮᠵᠢᠭᠤᠯᠤᠨ ᠲᠣᠭᠲᠠᠭᠠᠬᠤ ᠶᠢ ᠬᠦᠨᠳᠦᠳᠬᠡᠨ᠂ ᠬᠤᠪᠢᠶᠠᠷᠢ ᠭᠠᠵᠠᠷ ᠬᠢᠭᠡᠳ ᠦᠢᠯᠡᠴᠢᠯᠡᠭᠡᠨ ᠤ ᠲᠣᠣᠷ ᠴᠢᠬ ᠤᠨ ᠡᠵᠡᠩᠨᠡᠯᠲᠡ ᠬᠠᠮᠢᠶᠠᠷᠤᠯᠲᠠ ᠪᠠᠨ ᠴᠢᠩᠭᠠᠳᠬᠠᠵᠦ᠂ ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠪᠠᠨ ᠡᠵᠡᠩᠨᠡᠯᠲᠡ ᠶᠢᠨ ᠵᠦᠪᠰᠢᠶᠡᠷᠡᠬᠦ ᠬᠡᠪᠴᠢᠶᠡᠨ ᠳᠣᠲᠣᠷ᠎ᠠ ᠵᠢᠷᠤᠮᠵᠢᠭᠤᠯᠤᠨ ᠥᠷᠨᠢᠭᠦᠯᠬᠦ ᠶᠢ ᠱᠠᠭᠠᠷᠳᠠᠪᠠ᠃      ᠳᠠᠷᠠᠭᠠᠴᠢ ᠶᠢᠨ ᠠᠯᠬᠤᠮ ᠳᠤ᠂ ᠤᠷᠳᠤᠰ ᠬᠤᠳᠠ ᠶᠢᠨ ᠵᠢᠭᠤᠯᠴᠢᠯᠠᠯ ᠤᠨ ᠲᠣᠪᠴᠢᠶᠠᠨ ᠠᠴᠠ ᠪᠦᠬᠦ ᠬᠤᠲᠠ ᠶᠢᠨ ᠵᠢᠭᠤᠯᠴᠢᠯᠠᠯ ᠳᠤ ᠦᠢᠯᠡᠴᠢᠯᠡᠬᠦ ᠭᠠᠵᠠᠷ ᠤᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠮᠢᠶ᠎ᠠ ᠪᠦᠬᠦᠢ ᠠᠰᠠᠭᠤᠳᠠᠯ ᠤᠨ ᠲᠤᠬᠠᠶ ᠦᠷᠭᠦᠯᠵᠢᠯᠡᠨ ᠪᠠᠶᠢᠴᠠᠭᠠᠬᠤ ᠪᠦᠭᠡᠳ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠬᠤ᠂ ᠳᠠᠪᠲᠠᠨ ᠪᠠᠶᠢᠴᠠᠭᠠᠬᠤ᠂ ᠮᠥᠷᠳᠡᠨ ᠳᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠪᠣᠯᠵᠣᠨ ᠶᠠᠷᠢᠯᠴᠠᠬᠤ ᠦᠷ᠎ᠡ ᠪᠦᠲᠦᠮᠵᠢ ᠶᠢᠨ ᠦᠨᠡᠯᠡᠨ ᠵᠢᠱᠢᠯᠲᠡ ᠪᠠᠨ ᠴᠢᠩᠭᠠᠳᠬᠠᠵᠤ᠂ ᠪᠣᠯᠵᠣᠨ ᠶᠠᠷᠢᠯᠴᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠂ ᠵᠢᠭᠤᠯᠴᠢᠯᠠᠭᠰᠠᠳ ᠲᠤ ᠴᠢᠨᠠᠷ ᠰᠠᠶᠢᠨ ᠦᠢᠯᠡᠴᠢᠯᠡᠭᠡᠨ ᠤ ᠣᠷᠴᠢᠨ ᠲᠣᠭᠤᠷᠢᠨ ᠢ ᠬᠠᠩᠭᠠᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号