ᠬᠥᠬᠡᠬᠤᠲᠠ ᠶᠢᠨ 2016 ᠣᠨ ᠤ ᠬᠠᠪᠤᠷ ᠤᠨ ᠤᠯᠠᠷᠢᠯ ᠤᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ 18᠎ ᠤ ᠡᠳᠦᠷ ᠠᠴᠠ ᠡᠬᠢᠯᠡᠨ ᠰᠦᠯᠵᠢᠶᠡᠨ ᠳᠡᠭᠡᠷ᠎ᠡ  ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2016/4/11
     ᠬᠥᠬᠡᠬᠤᠲᠠ ᠶᠢᠨ 2016 ᠣᠨ ᠤ ᠬᠠᠪᠤᠷ ᠤᠨ ᠤᠯᠠᠷᠢᠯ ᠤᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ 4 ᠳ᠋ᠤᠭᠡᠷ ᠰᠠᠷ᠎ᠠ ᠶᠢᠨ 18᠎ ᠤ ᠡᠳᠦᠷ ᠤᠨ 8 ᠴᠠᠭ 30 ᠮᠢᠨᠦ᠋ᠲ ᠠᠴᠠ ᠡᠬᠢᠯᠡᠨ᠂ 4 ᠳ᠋ᠤᠭᠡᠷ ᠰᠠᠷ᠎ᠠ ᠶᠢᠨ 29᠎ ᠤ ᠡᠳᠦᠷ ᠤᠨ 17 ᠴᠠᠭ 30 ᠮᠢᠨᠦ᠋ᠲ ᠬᠦᠷᠲᠡᠯ᠎ᠡ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠃ ᠡᠭᠦᠨ ᠳᠤ᠂ 4 ᠳ᠋ᠤᠭᠡᠷ ᠰᠠᠷ᠎ᠠ ᠶᠢᠨ 23᠎ ᠤ ᠡᠳᠦᠷ᠂ 24᠎ ᠤ ᠡᠳᠦᠷ ︵ᠭᠠᠷᠠᠭ ᠤᠨ ᠵᠢᠷᠭᠤᠭᠠᠨ᠂ ᠭᠠᠷᠠᠭ ᠤᠨ ᠡᠳᠦᠷ︶ ᠨᠡᠷ᠎ᠡ ᠮᠡᠳᠡᠭᠦᠯᠬᠦ ᠰᠦᠯᠵᠢᠶ᠎ᠡ ᠨᠡᠭᠡᠭᠡᠬᠦ ᠦᠭᠡᠢ᠃      ᠣᠶᠢᠯᠠᠭᠠᠭᠰᠠᠨ ᠢᠶᠠᠷ᠂ ᠮᠠᠭᠠᠳᠯᠠᠨ ᠲᠣᠭᠲᠠᠭᠠᠬᠤ ᠬᠦᠮᠦᠰ ᠤᠨ ᠬᠡᠪᠴᠢᠶ᠎ᠡ ᠬᠡᠪᠡᠯ᠄ ᠡᠷᠦᠬᠡ ᠠᠮᠠ ᠶᠢᠨ ᠳᠠᠩᠰᠠ ᠨᠢ ᠬᠥᠬᠡᠬᠤᠲᠠ ᠶᠢᠨ ᠬᠡᠪᠴᠢᠶᠡᠨ ᠳᠤ ᠪᠠᠶᠢᠭ᠎ᠠ ᠬᠥᠮᠦᠰ︔ ᠬᠥᠬᠡᠬᠤᠲᠠ ᠶᠢᠨ ᠬᠡᠪᠴᠢᠶᠡᠨ ᠳᠠᠬᠢ ᠰᠤᠷᠭᠠᠭᠤᠯᠢ ᠳᠤ ᠪᠠᠭᠰᠢᠯᠠᠵᠤ ᠪᠠᠶᠢᠭ᠎ᠠ ᠬᠦᠮᠦᠰ ︵ᠲᠤᠬᠠᠶ ᠶᠢᠨ ᠲᠠᠯᠠᠪᠠᠶ ᠳᠤ ᠨᠤᠲᠠᠯᠠᠬᠤ ᠦᠶᠡᠰ ︽ᠬᠥᠬᠡᠬᠤᠲᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠠᠵᠢᠯᠳᠡᠨ ᠤᠷᠢᠬᠤ ︵ᠡᠯᠰᠡᠬᠦ︶ ᠬᠢᠨᠠᠨ ᠵᠥᠪᠰᠢᠶᠡᠷᠡᠭᠦᠯᠬᠦ ᠬᠦᠰᠦᠨᠦᠭᠲᠦ︾ ᠡᠬᠡ ᠮᠠᠲ᠋ᠧᠷᠢᠶᠠᠯ ᠪᠤᠯᠤᠨ ᠬᠠᠭᠤᠯᠪᠤᠷᠢ ᠶᠢ ᠳᠠᠭᠠᠯᠳᠤᠭᠤᠯᠤᠨ᠎ᠠ︶︔ ᠬᠥᠬᠡᠬᠤᠲᠠ ᠳᠤ ᠪᠠᠶᠢᠭ᠎ᠠ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠠᠴᠠ ᠳᠡᠭᠦᠰᠦᠭᠰᠡᠳ ︵ᠰᠤᠷᠤᠯᠴᠠᠵᠤ ᠪᠠᠶᠢᠭᠰᠠᠨ ᠬᠤᠭᠤᠴᠠᠭᠠᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠪᠠᠭᠰᠢ ᠶᠢᠨ ᠰᠤᠷᠭᠠᠨ ᠬᠦᠮᠦᠵᠢᠯ ᠤᠨ ᠪᠤᠰᠤ ᠲᠦᠷᠦᠯ ᠤᠨ ᠠᠵᠢᠯᠳᠠᠨ ᠤ ᠰᠤᠷᠭᠠᠨ ᠬᠥᠮᠦᠵᠢᠯ ᠤᠨ ᠤᠬᠠᠭᠠᠨ᠂ ᠰᠤᠷᠭᠠᠨ ᠬᠥᠮᠦᠵᠢᠯ ᠤᠨ ᠰᠡᠳᠬᠢᠴᠡ ᠵᠦᠢ ᠶᠢᠨ ᠰᠢᠯᠭᠠᠯᠲᠠ ᠳᠤ ᠬᠢᠷᠢ ᠲᠡᠩᠴᠡᠭᠰᠡᠨ ᠦᠨᠡᠮᠯᠡᠯ︾᠎ ᠲᠠᠢ ᠬᠥᠮᠦᠰ ᠪᠤᠯᠤᠨ᠎ᠠ᠃ ᠲᠤᠬᠠᠶ ᠶᠢᠨ ᠲᠠᠯᠠᠪᠠᠶ ᠳᠤ ᠨᠤᠲᠠᠯᠠᠬᠤ ᠦᠶᠡᠰ ︽ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠬᠠᠷᠢᠶᠠᠯᠠᠯ ᠢ ᠰᠦᠯᠵᠢᠶᠡᠨ ᠳᠡᠭᠡᠷ᠎ᠡ ᠰᠢᠯᠭᠠᠬᠤ ᠮᠡᠳᠡᠭᠦᠯᠦᠯᠲᠡ︾᠎ ᠶᠢ ᠳᠠᠭᠠᠯᠳᠤᠭᠤᠯᠤᠨ᠎ᠠ︶᠃      ᠬᠢᠷᠢ ᠬᠡᠮ ᠢ ᠮᠠᠭᠠᠳᠯᠠᠨ ᠲᠤᠭᠲᠠᠭᠠᠬᠤ ᠲᠥᠷᠥᠯ ᠵᠦᠢᠯ ᠬᠡᠪᠡᠯ᠄ ᠬᠤᠳᠠ ᠶᠢᠨ ᠰᠤᠷᠭᠠᠨ ᠬᠥᠮᠦᠵᠢᠯ ᠤᠨ ᠲᠤᠪᠴᠢᠶ᠎ᠠ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠬᠢᠷᠢ ᠬᠡᠮ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠪᠤᠯᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠠᠳᠤᠯᠭ᠎ᠠ ᠬᠢᠬᠦ ᠵᠢᠯᠤᠭᠤᠳᠤᠭᠴᠢ ᠪᠠᠭᠰᠢ ᠶᠢᠨ ᠬᠢᠷᠢ ᠬᠡᠮ ᠢ ᠮᠠᠭᠠᠳᠯᠠᠨ ᠲᠤᠭᠲᠠᠭᠠᠨ᠎ᠠ︔ ᠡᠯ᠎ᠡ ᠬᠤᠰᠢᠭᠤ᠂ ᠰᠢᠶᠠᠨ᠂ ᠲᠤᠭᠤᠷᠢᠭ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠬᠢᠷᠢ ᠬᠡᠮ ᠢ ᠮᠠᠭᠠᠳᠯᠠᠨ ᠲᠤᠭᠲᠠᠭᠠᠨ᠎ᠠ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠡᠭᠡᠳᠦ ᠰᠤᠷᠭᠠᠭᠤᠯᠢ ᠨᠤᠭᠤᠳ ᠤᠨ ᠪᠠᠭᠰᠢ ᠶᠢᠨ ᠬᠢᠷᠢ ᠬᠡᠮ ᠢ ᠮᠠᠭᠠᠳᠯᠠᠨ ᠲᠤᠭᠲᠠᠭᠠᠨ᠎ᠠ᠃      ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠲᠤᠬᠠᠶ ᠶᠢᠨ ᠲᠠᠯᠠᠪᠠᠶ ᠶᠢᠨ ᠨᠤᠲᠠᠯᠠᠬᠤ ᠴᠠᠭ ᠨᠢ᠄ 5 ᠳ᠋ᠤᠭᠠᠷ ᠰᠠᠷ᠎ᠠ ᠶᠢᠨ 11᠎ ᠤ ᠡᠳᠦᠷ ᠠᠴᠠ 20᠎ ᠤ ᠡᠳᠦᠷ ᠪᠤᠯᠲᠠᠯ᠎ᠠ᠂ ᠠᠵᠢᠯᠯᠠᠬᠤ ᠡᠳᠦᠷ ᠤᠨ 9 ᠴᠠᠭ ᠠᠴᠠ 12 ᠴᠠᠭ ᠤᠨ ᠬᠤᠭᠤᠷᠤᠭᠳᠤ ᠪᠠ 14 ᠴᠠᠭ ᠠᠴᠠ 17 ᠴᠠᠭ ᠤᠨ ᠬᠤᠭᠤᠷᠤᠨᠳᠤ ᠪᠤᠯ ᠮᠠᠲ᠋ᠧᠷᠢᠶᠠᠯ ᠲᠤᠰᠢᠶᠠᠬᠤ ᠴᠠᠭ ᠪᠤᠯᠤᠨ᠎ᠠ᠂ ᠭᠠᠷᠠᠭ ᠤᠨ ᠲᠠᠪᠤᠨ ᠤ ᠦᠳᠡ ᠶᠢᠨ ᠬᠤᠶᠢᠨ᠎ᠠ ᠪᠤᠯ ᠵᠠᠰᠠᠭ ᠤᠨ ᠶᠠᠪᠤᠳᠠᠯ ᠤᠨ ᠲᠥᠪ ᠤᠨ ᠰᠤᠷᠤᠯᠴᠠᠬᠤ ᠴᠠᠭ ᠪᠤᠯᠬᠤᠷ᠂ ᠭᠠᠳᠠᠭᠰᠢ  ᠠᠵᠢᠯ ᠡᠷᠬᠢᠯᠡᠬᠦ ᠦᠭᠡᠢ᠃ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠴᠢᠳᠠᠪᠤᠷᠢ ᠶᠢᠨ ᠰᠢᠯᠭᠠᠯᠲᠠ ᠪᠤᠯᠤᠨ ᠪᠡᠶ᠎ᠡ ᠶᠢᠨ ᠪᠠᠶᠢᠴᠠᠭᠠᠯᠲᠠ ᠶᠢᠨ ᠴᠠᠭ ᠨᠢ᠄ 5 ᠳ᠋ᠤᠭᠠᠷ ᠰᠠᠷ᠎ᠠ ᠶᠢᠨ 16᠎ ᠤ ᠡᠳᠦᠷ ᠠᠴᠠ ᠬᠤᠶᠢᠰᠢ᠂ ᠪᠣᠳᠠᠲᠠᠶ ᠰᠢᠯᠭᠠᠨ ᠪᠠᠶᠢᠴᠠᠭᠠᠬᠤ  ᠴᠠᠭ ᠢ ᠰᠦᠯᠵᠢᠶᠡᠨ ᠳᠡᠭᠡᠷ᠎ᠡ ᠠᠰᠲᠠᠭᠠᠨ ᠮᠡᠳᠡᠭᠳᠡᠨ᠎ᠡ ︵ᠤᠲᠠᠰᠤ ᠪᠠᠷ ᠮᠡᠳᠡᠭᠳᠡᠬᠦ ᠦᠭᠡᠢ︶᠂ ᠲᠤᠬᠠᠶ ᠶᠢᠨ ᠲᠠᠯᠠᠪᠠᠶ ᠳᠤ ᠨᠤᠲᠠᠯᠠᠵᠤ ᠵᠦᠪᠰᠢᠶᠡᠷᠡᠭᠳᠡᠭᠰᠡᠳ ᠡᠷᠬᠡᠪᠰᠢ ᠬᠥᠬᠡᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢ ᠠᠩᠬᠠᠷᠬᠤ ᠬᠡᠷᠡᠭᠲᠠᠢ᠃ ᠪᠡᠶ᠎ᠡ ᠶᠢᠨ ᠪᠠᠶᠢᠴᠠᠭᠠᠯᠲᠠ ᠶᠢ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢᠭᠡᠳᠦᠯᠲᠡᠶ ᠵᠣᠬᠢᠶᠠᠨ ᠪᠠᠶᠢᠭᠤᠯᠤᠨ᠎ᠠ᠃ ᠲᠣᠭᠲᠠᠭᠠᠯ ᠶᠣᠰᠣᠭᠠᠷ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠴᠢᠳᠠᠪᠤᠷᠢ ᠶᠢᠨ ᠰᠢᠯᠭᠠᠯᠲᠠ ᠪᠤᠯᠤᠨ ᠪᠡᠶ᠎ᠡ ᠶᠢᠨ ᠪᠠᠶᠢᠴᠠᠭᠠᠯᠲᠠ ᠳᠤ ᠲᠣᠭᠲᠠᠭᠰᠠᠨ ᠴᠠᠭ ᠲᠠᠭᠠᠨ ᠤᠷᠤᠯᠴᠠᠭᠰᠠᠨ ᠦᠭᠡᠢ ᠬᠦᠮᠦᠰ ᠢ ᠭᠤᠶᠤᠴᠢᠯᠠᠯ ᠢᠶᠠᠨ ᠥᠪᠡᠰᠦᠪᠡᠨ ᠬᠠᠶᠠᠭᠰᠠᠨ ᠢᠶᠠᠷ ᠦᠵᠡᠨ᠎ᠡ᠃ ᠦᠨᠡᠮᠯᠡᠯ ᠦᠢᠯᠡᠳᠬᠦ ᠴᠠᠭ᠄ 6 ᠳ᠋ᠤᠭᠠᠷ ᠰᠠᠷ᠎ᠠ ᠶᠢᠨ 9᠎ ᠤ ᠡᠳᠦᠷ ᠠᠴᠠ 6 ᠳ᠋ᠤᠭᠠᠷ ᠰᠠᠷ᠎ᠠ ᠶᠢᠨ 30᠎ ᠤ ᠡᠳᠦᠷ ᠪᠤᠯᠲᠠᠯ᠎ᠠ᠂ ᠦᠨᠡᠮᠯᠡᠯ ᠦᠭᠭᠦ ᠴᠠᠭ᠄ 7 ᠳ᠋ᠤᠭᠠᠷ ᠰᠠᠷ᠎ᠠ ᠶᠢᠨ 4᠎ ᠤ ᠡᠳᠦᠷ ᠠᠴᠠ 7 ᠳ᠋ᠤᠭᠠᠷ ᠰᠠᠷ᠎ᠠ ᠶᠢᠨ 31᠎ ᠤ ᠡᠳᠦᠷ ᠪᠤᠯᠲᠠᠯ᠎ᠠ᠃ ᠬᠥᠬᠡᠬᠤᠲᠠ ᠳᠤ ᠪᠠᠶᠢᠭ᠎ᠠ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠪᠠᠭᠰᠢ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠦᠷᠦᠯ ᠤᠨ ᠲᠤᠰ ᠬᠤᠭᠤᠴᠭᠠᠨ ᠳᠤ ᠲᠡᠭᠦᠰᠦᠭᠰᠡᠳ ᠤᠨ ᠴᠠᠭ ᠤᠨ ᠲᠤᠬᠢᠷᠠᠭᠤᠯᠤᠯᠲᠠ ᠶᠢ ᠲᠤᠰ ᠰᠤᠷᠭᠠᠭᠤᠯᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠮᠡᠳᠡᠭᠳᠡᠯ ᠢᠶᠠᠷ ᠪᠠᠷᠢᠮᠵᠢᠶ᠎ᠠ ᠪᠤᠯᠭᠠᠨ᠎ᠠ᠃ ᠭᠤᠶᠤᠴᠢᠯᠠᠨ ᠮᠡᠳᠡᠭᠦᠯᠬᠦ ᠰᠦᠯᠵᠢᠶᠡᠨ ᠤ ᠬᠠᠶ᠋ᠢᠭ᠄ ᠳᠤᠮᠳᠠᠳᠤ ᠤᠯᠤᠰ ᠤᠨ ᠪᠠᠭᠰᠢ ᠶᠢᠨ ᠬᠢᠷᠢ ᠬᠡᠮ ᠤᠨ ᠰᠦᠯᠵᠢᠶ᠎ᠡ ︵http://www.jszg.edu.cn︶᠃ ᠬᠠᠮᠢᠶ᠎ᠠ ᠪᠦᠬᠦᠢ  ᠮᠠᠭᠠᠳᠯᠠᠨ ᠲᠣᠭᠲᠠᠭᠠᠬᠤ ᠨᠥᠬᠦᠴᠡᠯ᠂ ᠮᠠᠭᠠᠳᠯᠠᠨ ᠲᠣᠭᠲᠠᠭᠠᠬᠤ ᠶᠠᠪᠤᠴᠠ᠂ ᠲᠤᠬᠠᠶ ᠶᠢᠨ ᠲᠠᠯᠠᠪᠠᠶ ᠶᠢᠨ ᠨᠤᠲᠠᠯᠠᠯᠲᠠ ᠳᠤ ᠬᠡᠷᠡᠭᠰᠡᠬᠦ ᠮᠠᠲ᠋ᠧᠷᠢᠶᠠᠯ ᠵᠡᠷᠭᠡ ᠨᠠᠷᠢᠨ ᠪᠠᠶᠢᠳᠠᠯ ᠢ ᠬᠥᠬᠡᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠠᠴᠠ ᠯᠠᠪᠯᠠᠵᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号