ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠷᠧᠨ ᠶᠠ ᠫᠢᠩ᠂ ᠳᠡᠳ᠋ ᠲᠡᠷᠢᠭᠦᠯᠡᠭᠴᠢ ᠶᠠᠩ ᠴᠧᠩ ᠸᠠᠩ᠂ ᠴᠧᠨ ᠢᠦᠢ ᠨᠠᠷ ᠬᠥᠬᠡᠬᠤᠲᠠ ᠶᠢᠨ ᠨᠢᠭᠡᠳᠦᠭᠡᠷ ᠭᠢᠨᠳᠠᠨ ᠳᠤ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2016/4/12
     4 ᠳ᠋ᠤᠭᠡᠷ ᠰᠠᠷ᠎ᠠ ᠶᠢᠨ 6᠎ ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠷᠧᠨ ᠶᠠ ᠫᠢᠩ᠂ ᠳᠡᠳ᠋ ᠲᠡᠷᠢᠭᠦᠯᠡᠭᠴᠢ ᠶᠠᠩ ᠴᠧᠩ ᠸᠠᠩ᠂ ᠴᠧᠨ ᠢᠦᠢ᠂ ᠯᠦᠸᠧ ᡁᠢ ᠬᠤ᠋᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠮᠠ ᠶᠦᠩ ᠱᠧᠩ᠂ ᠳᠡᠳ᠋ ᠪᠠᠶᠢᠴᠠᠭᠠᠬᠤ ᠳᠠᠷᠤᠭ᠎ᠠ ᠶᠠᠩ ᠸᠧᠶ ᠫᠢᠡᠭ ᠵᠡᠷᠭᠡ ᠤᠳᠤᠷᠢᠳᠤᠯᠭ᠎ᠠ ᠨᠠᠷ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠶᠢᠨ ᠤᠳᠤᠷᠢᠳᠤᠯᠭ᠎ᠠ ᠨᠠᠮ ᠤᠨ ᠭᠡᠰᠢᠭᠦᠨ ᠺᠠᠳ᠋ᠷ ᠵᠡᠷᠭᠡ 80 ᠭᠠᠷᠤᠶ ᠬᠥᠮᠦᠨ ᠢ ᠳᠠᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠠᠷᠤᠭ᠎ᠠ ᠵᠧᠦ ᠯᠢ ᠮᠢᠩ᠂ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠤᠯᠤᠰ ᠲᠦᠷᠦ ᠶᠢᠨ ᠭᠡᠰᠢᠭᠦᠨ ᠵᠢᠶᠠᠩ ᠡᠾᠧ ᠫᠢᠡᠭ ᠵᠡᠷᠭᠡ ᠤᠳᠤᠷᠢᠳᠤᠯᠭ᠎ᠠ ᠶᠢᠨ ᠪᠠᠷ᠎ᠠ ᠪᠣᠯᠣᠯᠭ᠎ᠠ ᠲᠠᠢ ᠪᠠᠷ ᠬᠥᠬᠡᠬᠤᠲᠠ ᠶᠢᠨ ᠨᠢᠭᠡᠳᠦᠭᠡᠷ ᠭᠢᠨᠳᠠᠨ ᠤ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠦᠷᠨᠢᠬᠦᠯᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠤᠯᠤᠨ ᠨᠥᠬᠦᠳ ᠨᠠᠷ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠦᠵᠡᠭᠦᠯᠦᠯᠭᠡ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ  ᠦᠵᠡᠵᠤ᠂ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠳ ᠤᠨ ᠶᠠᠷᠢᠶ᠎ᠠ ᠶᠢ ᠰᠤᠨᠤᠰᠤᠭᠰᠠᠨ ᠪᠠᠶᠢᠨ᠎ᠠ᠃ ᠤᠯᠠᠨ ᠢᠶᠠᠷ ᠢᠶᠠᠨ ᠰᠠᠨᠠᠯ ᠨᠢᠭᠡᠲᠡᠶ ᠢᠯᠡᠳᠭᠡᠭᠰᠡᠨ ᠨᠢ᠂ ᠬᠡᠷᠡᠭ ᠤᠨ ᠵᠢᠱᠢᠶ᠎ᠡ ᠠᠴᠠ ᠭᠦᠨᠵᠡᠭᠡᠶ ᠰᠤᠷᠭᠠᠮᠵᠢ ᠠᠪᠴᠤ᠂ ᠨᠠᠷᠢᠨ ᠬᠢᠨᠠᠮᠠᠭᠠᠶ ᠡᠷᠭᠢᠴᠡᠭᠦᠯᠦᠨ ᠪᠤᠳᠤᠯᠬᠢᠯᠠᠵᠤ᠂ ᠥᠪᠡᠷ ᠤᠨ ᠠᠵᠢᠯ ᠤᠨ ᠪᠠᠶᠢᠷᠢ᠂ ᠵᠣᠯ ᠵᠢᠷᠭᠠᠯᠲᠤ ᠭᠡᠷ ᠪᠦᠯᠢ ᠪᠠᠨ ᠡᠷᠬᠢᠮᠯᠡᠨ ᠨᠠᠨᠳᠢᠩᠨᠠᠵᠤ᠂ ᠦᠷᠭᠦᠯᠵᠢ ᠵᠠᠰᠠᠭ ᠡᠷᠬᠢᠯᠡᠬᠦ ᠮᠣᠷᠠᠯ ᠢ ᠡᠷᠬᠢᠮᠯᠡᠵᠤ᠂ ᠦᠷᠭᠦᠯᠵᠢ ᠬᠤᠪᠳᠤᠭ ᠰᠢᠨᠤᠯ ᠤᠨ ᠬᠥᠨᠥᠭᠡᠯ ᠢ ᠰᠡᠳᠬᠢᠵᠦ᠂ ᠦᠷᠭᠦᠯᠵᠢ ᠪᠡᠶ᠎ᠡ ᠪᠠᠨ ᠪᠠᠷᠢᠬᠤ ᠰᠡᠳᠬᠢᠯ ᠢ ᠡᠪᠦᠷᠯᠡᠵᠤ᠂ ᠨᠠᠮ ᠤᠨ ᠰᠠᠬᠢᠯᠭ᠎ᠠ ᠤᠯᠤᠰ ᠤᠨ ᠬᠠᠤᠯᠢ ᠪᠠᠷ ᠤᠬᠠᠮᠰᠠᠷ ᠠᠴᠠ ᠪᠠᠨ ᠪᠡᠶ᠎ᠡ ᠪᠠᠨ ᠡᠵᠡᠮᠳᠡᠵᠤ᠂ ᠨᠠᠮ ᠪᠤᠯᠤᠨ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠤᠷᠲᠠᠯ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠨ᠎ᠡ ᠬᠡᠵᠡᠬᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号