| ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ | ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠣᠲᠣᠭᠠᠳᠤ ᠠᠷᠠᠯᠵᠢᠶᠠᠨ ᠤ ᠭᠦᠢᠯᠭᠡᠭᠡᠨ ᠤ ᠲᠤᠭ᠎ᠠ | ᠪᠦᠷᠢᠳᠬᠡᠯ ᠤᠨ ᠬᠢᠨᠠᠨ ᠬᠡᠮᠵᠢᠬᠦ ᠬᠢᠷᠢ ᠲᠦᠪᠰᠢᠨ ᠢ ᠳᠡᠭᠡᠭᠰᠢᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠲᠥᠰᠦᠯ︾ | ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠠᠭᠠᠷ ᠮᠠᠨᠳᠠᠯ ᠤᠨ | ᠪᠤᠬᠢᠷᠳᠤᠯ ᠢ ᠰᠡᠷᠭᠡᠶᠢᠯᠡᠬᠦ ᠤᠳᠤᠷᠢᠳᠬᠤ ᠳᠤᠭᠤᠶᠢᠯᠠᠩ ᠤᠨ ᠪᠠᠭᠤᠯᠭᠠᠭᠰᠠᠨ 2016 ᠣᠨ ᠤ ᠰᠢᠲᠠᠮᠠᠬᠠᠢ ᠬᠡᠢ | ᠡᠭᠡᠭᠦᠯᠦᠨ ᠬᠤᠷᠢᠶᠠᠬᠤ ᠶᠢ ᠴᠡᠭᠴᠡᠯᠡᠨ ᠵᠠᠰᠠᠬᠤ ᠡᠭᠦᠷᠭᠡ ᠶᠢ ᠲᠤᠭᠲᠠᠭᠰᠠᠨ ᠴᠠᠭ ᠲᠤᠨᠢ ᠪᠡᠶᠡᠯᠡᠭᠦᠯᠬᠦ ᠶᠢᠨ ᠲᠤᠯᠠᠳᠠ᠂ | ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠲᠢᠩᠬᠢᠮ 2016 ᠤᠨ ᠤ 4 ᠳ᠋ᠤᠭᠡᠷ ᠰᠠᠷ᠎ᠠ ᠶᠢᠨ 8 ᠤ ᠡᠳᠦᠷ | ᠪᠦᠬᠦ ᠣᠷᠣᠨ ᠤ ᠳᠣᠲᠣᠭᠠᠳᠤ ᠠᠷᠠᠯᠵᠢᠶᠠᠨ ᠤ ᠭᠦᠢᠯᠭᠡᠭᠡᠨ ᠤ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠪᠠ ᠲᠤᠰᠤ | ᠬᠡᠢ ᠡᠭᠡᠭᠦᠯᠦᠨ ᠬᠤᠷᠢᠶᠠᠬᠤ ᠶᠢ ᠴᠡᠭᠴᠡᠯᠡᠨ ᠵᠠᠰᠠᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | ᠬᠤᠷᠠᠯ ᠨᠢ 2016 ᠣᠨ ᠤ ᠳᠣᠲᠣᠭᠠᠳᠤ ᠠᠷᠠᠯᠵᠢᠶᠠᠨ ᠤ ᠭᠦᠢᠯᠭᠡᠭᠡᠨ ᠤ ᠲᠤᠭ᠎ᠠ ᠪᠦᠷᠢᠳᠬᠡᠯ ᠤᠨ ᠬᠢᠨᠠᠨ ᠬᠡᠮᠵᠢᠬᠦ᠂ | ᠵᠠᠬ᠎ᠠ ᠳᠡᠯᠭᠡᠭᠦᠷ ᠤᠨ ᠬᠢᠨᠠᠨ ᠬᠡᠮᠵᠢᠬᠦ ᠪᠡᠯᠡ ᠮᠥᠩᠭᠦ ᠶᠢᠨ ᠬᠡᠷᠡᠭᠯᠡᠯᠲᠡ ᠶᠢᠨ ᠥᠪᠡᠷ ᠢᠶᠠᠨ ᠪᠠᠶᠢᠴᠠᠭᠠᠬᠤ ᠴᠡᠭᠴᠡᠯᠡᠨ | ᠰᠠᠶᠢᠵᠢᠷᠠᠭᠤᠯᠬᠤ᠂ ᠨᠥᠭᠡᠴᠡᠯᠡᠭᠰᠡᠨ ᠡᠳ᠋ ᠪᠣᠳᠠᠰ ᠪᠣᠯᠤᠨ ᠪᠠᠴᠢᠮ ᠪᠠᠶᠢᠳᠠᠯ ᠢ ᠠᠷᠭᠠᠴᠠᠬᠤ ᠲᠠᠸᠠᠷ ᠤᠨ ᠬᠥᠮᠥᠷᠭᠡ | ᠵᠡᠷᠭᠡ ᠠᠵᠢᠯ ᠤᠨ ᠲᠠᠯ᠎ᠠ ᠪᠠᠷ ᠭᠤᠣᠯᠳᠠᠯᠭ᠎ᠠ ᠲᠠᠢ ᠪᠠᠶᠢᠷᠢᠯᠠᠭᠤᠯᠤᠯᠲᠠ ᠬᠢᠪᠡ︔ 2015 ᠣᠨ ᠤ ᠰᠢᠲᠠᠮᠠᠬᠠᠢ ᠬᠡᠢ | ᠡᠭᠡᠭᠦᠯᠦᠨ ᠬᠤᠷᠢᠶᠠᠬᠤ ᠶᠢ ᠴᠡᠭᠴᠡᠯᠡᠨ ᠵᠠᠰᠠᠭᠰᠠᠨ ᠠᠵᠢᠯ ᠢ ᠳ᠋ᠦᠡᠭᠨᠡᠵᠤ᠂ 2016 ᠣᠨ ᠤ ᠰᠢᠲᠠᠮᠠᠬᠠᠢ | ᠬᠡᠢ ᠡᠭᠡᠭᠦᠯᠦᠨ ᠬᠤᠷᠢᠶᠠᠬᠤ ᠶᠢ ᠴᠡᠭᠴᠡᠯᠡᠨ ᠵᠠᠰᠠᠬᠤ ᠡᠭᠦᠷᠭᠡ ᠶᠢ ᠪᠠᠭᠤᠯᠭᠠᠭᠰᠠᠨ ᠤ ᠬᠠᠮᠲᠤ᠂ ᠠᠶᠢᠮᠠᠭ ᠬᠤᠳᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠯᠤᠭ᠎ᠠ ᠴᠡᠭᠴᠡᠯᠡᠨ ᠵᠠᠰᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ | ᠦᠰᠦᠭ ᠵᠢᠷᠤᠪᠠ᠃ ᠵᠠᠬ᠎ᠠ ᠳᠡᠯᠭᠡᠭᠦᠷ ᠤᠨ ᠠᠵᠢᠯᠯᠠᠭ᠎ᠠ ᠪᠠ ᠬᠡᠷᠡᠭᠯᠡᠭᠡ ᠶᠢ ᠠᠬᠢᠭᠤᠯᠬᠤ ᠭᠠᠵᠠᠷ ᠤᠨ ᠪᠦᠬᠦ ᠠᠵᠢᠯᠲᠠᠨ | ᠪᠣᠯᠤᠨ ᠡᠯ᠎ᠡ ᠠᠶᠢᠮᠠᠭ ᠬᠤᠳᠠ ᠶᠢᠨ ᠬᠤᠪᠢᠳᠠᠨ ᠬᠠᠮᠢᠶᠠᠷᠬᠤ ᠲᠤᠪᠴᠢᠶ᠎ᠠ ᠶᠢᠨ ᠳᠠᠷᠤᠭ᠎ᠠ᠂ ᠲᠤᠬᠠᠶᠢᠯᠠᠭᠰᠠᠨ | ᠠᠵᠢᠯ ᠤᠨ ᠰᠠᠯᠠᠭᠠᠨ ᠳᠠᠷᠤᠭ᠎ᠠ ᠵᠡᠷᠭᠡ 40 ᠭᠠᠷᠤᠶ ᠬᠥᠮᠦᠨ ᠬᠤᠷᠠᠯ ᠳᠤ ᠤᠷᠤᠯᠴᠠᠪᠠ᠃ |